11 ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠯᠢᠦ ᡁᠢ ᠢᠦᠢ 《ᠦᠵᠡᠯ ᠰᠠᠨᠠᠭ᠎ᠠ ᠵᠣᠷᠢᠭ ᠰᠠᠨᠠᠭ᠋ᠠᠨ᠎ᠤ ᠲᠣᠭ᠎ᠢ ᠥᠨᠳᠥᠷ ᠮᠠᠨᠳᠤᠭᠤᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠪᠣᠶ ᠪᠣᠯᠭ᠋ᠠᠵᠤ᠂ ᠨᠠᠮ ᠮᠢᠨᠢ ᠰᠠᠨᠠᠭ᠎ᠠ ᠠᠮᠤᠷ᠂ ᠠᠷᠠᠳ ᠲᠦᠮᠡᠨ ᠮᠢᠨᠢ ᠰᠡᠳᠬᠢᠯ ᠬᠠᠨᠤᠮᠵᠢᠲᠠᠶ᠂ ᠣᠨᠴᠠᠯᠢᠭ ᠢᠯᠡ ᠲᠣᠳᠣ ᠲᠡᠷᠢᠭᠦᠨ᠎ᠤ ᠶᠡᠬᠡ ᠰᠤᠷᠭ᠋ᠠᠭᠤᠯᠢ ᠵᠢ ᠪᠥᠲᠥᠭᠡᠨ ᠪᠠᠢ᠌ᠭᠤᠯᠰᠤᠭ᠋ᠠᠢ》 ᠭᠡᠬᠦ ᠰᠡᠳᠦᠪ ᠵᠶ᠋ᠠᠷ ᠤᠬᠠᠭᠤᠯᠤᠨ ᠲᠠᠶ᠋ᠢᠯᠪᠤᠷᠢᠯᠠᠪᠠ᠃
ᠡᠨᠡ ᠤᠳᠠᠭ᠋ᠠᠨ᠎ᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ 《ᠭᠤᠤᠯ ᠬᠤᠷᠠᠯ᠎ᠤᠨ ᠲᠠᠯᠠᠪᠠᠶ + ᠬᠤᠪᠢᠶᠠᠷᠢ ᠬᠤᠷᠠᠯ᠎ᠤᠨ ᠲᠠᠯᠠᠪᠠᠶ》 ᠭᠡᠬᠦ ᠬᠡᠯᠪᠡᠷᠢ᠎ᠪᠠᠷ ᠶᠠᠪᠤᠭᠳᠠᠭᠤᠯᠪᠠ᠃ ᠰᠤᠷᠭ᠋ᠠᠭᠤᠯᠢ᠎ᠳᠤ ᠰᠠᠭᠤᠭ᠎ᠠ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ ᠪᠣᠯᠤᠨ ᠰᠤᠷᠭ᠋ᠠᠭᠤᠯᠢ᠎ᠳᠤ ᠰᠠᠭᠤᠭ᠎ᠠ ᠪᠠᠭᠰᠢ ᠠᠵᠢᠯᠳᠠᠨ᠎ᠤ ᠲᠥᠯᠥᠭᠡᠯᠡᠭᠴᠢ ᠬᠤᠷᠠᠯ᠎ᠳᠤ ᠣᠷᠣᠯᠴᠠᠪᠠ᠃

ᠬᠣᠶ᠋ᠢᠲᠤ ᠰᠤᠷᠭ᠋ᠠᠭᠤᠯᠢ ᠵᠢᠨ ᠲᠣᠭᠣᠷᠢᠭ᠎ᠤᠨ ᠭᠤᠤᠯ ᠬᠤᠷᠠᠯ᠎ᠤᠨ ᠲᠠᠯᠠᠪᠠᠢ
ᠲᠥᠯᠥᠭᠡᠯᠡᠭᠴᠢ ᠯᠢᠦ ᡁᠢ ᠢᠦᠢ ᠬᠤᠷᠠᠯ᠎ᠳᠤ ᠣᠷᠣᠯᠴᠠᠭᠰᠠᠨ ᠥᠩᠭᠡᠷᠡᠯᠲᠡ ᠪᠠ ᠲᠥᠷᠥᠭᠳᠡᠯ᠎ᠲᠠᠢ᠎ᠪᠠᠨ ᠤᠶᠠᠯᠳᠤᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠬᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠨᠣᠪᠴᠢᠲᠠᠶ ᠰᠤᠷᠤᠯᠴᠠᠨ ᠣᠢ᠌ᠯᠠᠭ᠋ᠠᠬᠤ᠂ ᠨᠠᠮ ᠮᠢᠨᠢ ᠰᠠᠨᠠᠭ᠎ᠠ ᠠᠮᠤᠷ᠂ ᠠᠷᠠᠳ ᠲᠦᠮᠡᠨ ᠮᠢᠨᠢ ᠰᠡᠳᠬᠢᠯ ᠬᠠᠨᠤᠮᠵᠢᠲᠠᠶ᠂ ᠣᠨᠴᠠᠯᠢᠭ ᠢᠯᠡ ᠲᠣᠳᠣ ᠲᠡᠷᠢᠭᠦᠨ᠎ᠤ ᠶᠡᠬᠡ ᠰᠤᠷᠭ᠋ᠠᠭᠤᠯᠢ ᠵᠢ ᠪᠥᠲᠦᠭᠡᠨ ᠪᠠᠢ᠌ᠭᠤᠯᠬᠤ ᠵᠡᠷᠭᠡ ᠭᠤᠷᠪᠠᠨ ᠲᠠᠯ᠎ᠠ᠎ᠠᠴᠠ ᠤᠬᠠᠭᠤᠯᠤᠨ ᠲᠠᠢ᠌ᠯᠪᠤᠷᠢᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠭᠣᠣᠯ ᠰᠡᠳᠦᠪ᠂ ᠥᠩᠭᠡᠷᠡᠭᠰᠡᠨ᠎ᠤ 5 ᠵᠢᠯ᠎ᠤᠨ ᠠᠵᠢᠯ ᠪᠣᠯᠤᠨ ᠰᠢᠨ᠎ᠡ ᠴᠠᠭ ᠦᠶ᠎ᠡ ᠵᠢᠨ 10 ᠵᠢᠯ᠎ᠤᠨ ᠠᠭᠤᠤ ᠶᠡᠬᠡ ᠬᠤᠪᠢᠰᠤᠯᠲᠠ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠠᠷᠠᠯᠲᠠ ᠪᠠ ᠡᠭᠦᠷᠭᠡ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠠ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠂ ᠲᠦᠭᠰᠢᠭᠦᠷᠢ ᠪᠠ ᠥᠷᠢᠰᠥᠯᠳᠦᠭᠡᠨ᠎ᠢ ᠠᠷᠭ᠋ᠠᠴᠠᠬᠤ ᠵᠡᠷᠭᠡ ᠲᠠᠯ᠎ᠠ ᠵᠢᠨ ᠠᠭᠤᠯᠭᠠᠢ ᠭᠦᠨᠵᠡᠭᠡᠢ ᠣᠢ᠌ᠯᠠᠭ᠋ᠠᠭᠤᠯᠵᠤ ᠣᠨᠣᠪᠴᠢᠲᠠᠢ ᠡᠵᠡᠮᠰᠢᠭᠦᠯᠪᠡ᠃ ᠯᠢᠦ ᡁᠢ ᠢᠦᠢ᠂ ᠰᠤᠷᠭ᠋ᠠᠭᠤᠯᠢ ᠵᠢᠨ ᠳᠡᠭᠡᠳᠦ ᠳᠣᠣᠷᠠᠲᠤ ᠱᠠᠲᠤᠨ᠎ᠤ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠠᠷᠢᠬᠢᠨᠳᠤᠨᠢ ᠬᠠᠳᠠᠩᠰᠢᠭᠤᠯᠤᠨ ᠰᠡᠳᠬᠢᠯ᠎ᠳᠤ᠎ᠨᠢ ᠰᠢᠩᠭᠡᠭᠡᠬᠦ ᠵᠢ ᠭᠦᠨᠵᠡᠭᠡᠢ ᠠᠬᠢᠭᠤᠯᠤᠨ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠋ᠠᠨ᠎ᠤ ᠲᠠᠯ᠎ᠠ᠎ᠪᠠᠷ 《ᠬᠣᠶᠠᠷ᠎ᠢ ᠳᠣᠭᠲᠠᠭ᠋ᠠᠭᠰᠠᠨ》᠎ᠢ ᠨᠠᠩ ᠤᠬᠠᠮᠰᠠᠷ᠎ᠠᠴᠠ᠎ᠪᠠᠨ ᠨᠠᠩ ᠰᠠᠨᠠᠭ᠋ᠠᠴᠢᠯᠠᠭ᠎ᠠ᠎ᠠᠴᠠ᠎ᠪᠠᠨ ᠬᠦᠷᠢᠶᠡᠯᠡᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠦᠭᠡ ᠴᠢᠳᠠᠪᠤᠷᠢᠲᠠᠨ᠎ᠢ ᠬᠥᠮᠦᠵᠢᠭᠦᠯᠬᠦ ᠵᠢ ᠪᠠᠷᠢᠮᠲᠠᠯᠠᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠦᠢ᠍ᠯᠡᠰ᠎ᠲᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠵᠢ ᠴᠢᠩᠭ᠋ᠠᠳᠬᠠᠨ᠂ ᠦᠵᠡᠯ ᠰᠠᠨᠠᠭ᠎ᠠ ᠵᠣᠷᠢᠭ ᠰᠠᠨᠠᠭ᠋ᠠᠨ᠎ᠤ ᠲᠣᠭ᠎ᠢ ᠥᠨᠳᠥᠷ ᠮᠠᠨᠳᠤᠭᠤᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠪᠤᠢ ᠪᠣᠯᠭ᠋ᠠᠨ᠂ ᠨᠠᠮ ᠮᠢᠨᠢ ᠰᠠᠨᠠᠭ᠎ᠠ ᠠᠮᠤᠷ᠂ ᠠᠷᠠᠳ ᠲᠦᠮᠡᠨ ᠮᠢᠨᠢ ᠰᠡᠳᠬᠢᠯ ᠬᠠᠨᠤᠮᠵᠢᠲᠠᠶ᠂ ᠣᠨᠴᠠᠯᠢᠭ ᠵᠶ᠋ᠠᠷ ᠢᠯᠡ ᠲᠣᠳᠣ ᠲᠡᠷᠢᠭᠦᠨ᠎ᠤ ᠶᠡᠬᠡ ᠰᠤᠷᠭ᠋ᠠᠭᠤᠯᠢ ᠵᠢ ᠪᠥᠲᠦᠭᠡᠨ ᠪᠠᠢ᠌ᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠨ ᠲᠥᠯᠥᠭᠡ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃

ᠬᠣᠶ᠋ᠢᠲᠤ ᠰᠤᠷᠭ᠋ᠠᠭᠤᠯᠢ ᠵᠢᠨ ᠲᠣᠭᠣᠷᠢᠭ᠎ᠤᠨ ᠭᠤᠤᠯ ᠬᠤᠷᠠᠯ᠎ᠤᠨ ᠲᠠᠯᠠᠪᠠᠢ


ᠡᠮᠦᠨ᠎ᠡ ᠰᠤᠷᠭ᠋ᠠᠭᠤᠯᠢ ᠵᠢᠨ ᠲᠣᠭᠣᠷᠢᠭ᠎ᠤᠨ ᠬᠤᠪᠢᠶᠠᠷᠢ ᠬᠤᠷᠠᠯ᠎ᠤᠨ ᠲᠠᠯᠠᠪᠠᠢ
ᠪᠦᠬᠦ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠵᠢ ᠭᠦᠨᠵᠡᠭᠡᠢ ᠥᠷᠨᠢᠭᠦᠯᠵᠦ᠂ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠪᠦᠬᠦ ᠲᠠᠯ᠎ᠠ᠎ᠪᠠᠷ ᠡᠵᠡᠮᠰᠢᠵᠦ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠪᠠ᠃ ᠤᠭ ᠵᠣᠬᠢᠶᠠᠯ᠎ᠢ ᠣᠩᠰᠢᠨ᠂ ᠤᠭ ᠵᠣᠬᠢᠶᠠᠯ᠎ᠢ ᠰᠤᠷᠤᠯᠴᠠᠨ᠂ ᠤᠭ ᠶᠣᠰᠣ ᠵᠢ ᠣᠢ᠌ᠯᠠᠭ᠋ᠠᠭᠰᠠᠨ ᠰᠠᠭᠤᠷᠢᠨ ᠳᠡᠭᠡᠷ᠎ᠡ ᠪᠣᠳᠠᠲᠠᠶ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠪᠡ᠃ ᠨᠢᠭᠡ᠎ᠳᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠲᠠᠢ ᠪᠠᠷᠢᠮᠵᠢᠶᠠᠵᠢᠭᠤᠯᠤᠨ ᠬᠠᠷᠢᠴᠠᠭᠤᠯᠵᠤ᠂ ᠰᠤᠷᠭ᠋ᠠᠭᠤᠯᠢ ᠵᠢᠨ ᠣᠳᠣᠬᠠᠨ᠎ᠤ ᠬᠥᠭᠵᠢᠯᠲᠡ ᠵᠢᠨ ᠪᠠᠶ᠋ᠢᠳᠠᠯ᠎ᠢ ᠭᠦᠨᠵᠡᠭᠡᠶ ᠵᠠᠳᠠᠯᠵᠤ᠂ ᠶᠠᠮᠤᠨ ᠪᠠ ᠣᠷᠣᠨ ᠬᠠᠮᠲᠤᠷᠠᠨ ᠪᠠᠶ᠋ᠢᠭᠤᠯᠬᠤ ᠳᠠᠪᠠᠭᠤᠯᠢᠭ᠎ᠢ ᠭᠦᠢ᠍ᠴᠡᠳ ᠠᠰᠢᠭᠯᠠᠨ᠂ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ 《ᠬᠤᠤᠰ ᠲᠡᠷᠢᠭᠦᠨ》᠎ᠤ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠬᠣᠶᠠᠷ᠎ᠲᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠬᠦᠰᠡᠯᠡᠩ᠎ᠲᠠᠢ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠢ ᠳᠠᠭ᠋ᠠᠭ᠋ᠠᠵᠤ ᠳᠡᠢ᠌ᠯᠬᠦᠢ᠌ᠴᠡ᠂ ᠵᠣᠷᠢᠭᠲᠠᠶ ᠲᠡᠮᠡᠴᠡᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦᠢ᠌ᠴᠡ ᠴᠠᠭ ᠦᠶ᠎ᠡ ᠵᠢᠨ ᠰᠢᠨ᠎ᠡ ᠬᠥᠮᠦᠨ᠎ᠢ ᠬᠦᠴᠦᠯᠡᠨ ᠬᠥᠮᠥᠵᠢᠭᠦᠯᠦᠨ᠎ᠡ᠃ ᠭᠤᠷᠪᠠ᠎ᠳᠤ᠂ 《ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠠᠴᠠ ᠭᠠᠷᠴᠤ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢ ᠦᠵᠡᠬᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠠᠴᠠ ᠪᠦᠬᠦ ᠲᠠᠯ᠎ᠠ ᠵᠢ ᠦᠵᠡᠬᠦ᠂ ᠪᠦᠬᠦ ᠲᠠᠯ᠎ᠠ᠎ᠠᠴᠠ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢ ᠦᠵᠡᠬᠦ》᠂ ᠤᠯᠤᠰ᠎ᠤᠨ ᠪᠠᠶ᠋ᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃ ᠲᠦᠷᠪᠡ᠎ᠳᠤ᠂ ᠴᠢᠳᠠᠪᠤᠷᠢᠲᠠᠨ ᠵᠶ᠋ᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠮᠣᠷᠠᠯ ᠴᠢᠳᠠᠪᠤᠷᠢ ᠬᠣᠣᠰᠯᠠᠭᠰᠠᠨ᠂ ᠪᠦᠲᠦᠴᠡ ᠵᠣᠬᠢᠰᠲᠠᠢ᠂ ᠲᠣᠭ᠎ᠠ ᠬᠡᠮᠵᠢᠶ᠎ᠡ ᠭᠦᠢ᠍ᠴᠡᠳ᠂ ᠲᠣᠭᠲᠠᠭᠤᠨ ᠪᠥᠭᠡᠳ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠰᠢᠨ᠎ᠡ ᠵᠢ ᠡᠭᠦᠳᠬᠦ ᠮᠠᠶᠢᠭ᠎ᠤᠨ ᠪᠠᠭᠰᠢ ᠵᠢᠨ ᠡᠩᠨᠡᠭᠡ ᠵᠢ ᠲᠦᠷᠭᠡᠳᠬᠡᠨ ᠪᠠᠢ᠌ᠭᠤᠯᠤᠨ᠎ᠠ᠃ ᠲᠠᠪᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠰᠤᠷᠭ᠋ᠠᠭᠤᠯᠢ ᠵᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠠᠭ᠋ᠠᠭᠤᠯᠤᠭᠴᠢ᠂ ᠬᠥᠲᠦᠯᠦᠭᠴᠢ᠂ ᠳᠠᠭᠤᠷᠢᠶᠠᠯ ᠦᠵᠡᠭᠦᠯᠦᠭᠴᠢ ᠪᠣᠯᠭ᠋ᠠᠨ᠎ᠠ᠃ ᠵᠢᠷᠭᠤᠭ᠎ᠠ᠎ᠳᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠠᠭ᠋ᠠᠰᠢᠲᠠ ᠴᠢᠩᠭ᠋ᠠᠳᠬᠠᠨ᠂ ᠤᠯᠤᠰ ᠲᠦᠷᠦ ᠵᠢᠨ ᠴᠢᠳᠠᠮᠵᠢ ᠪᠣᠯᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠭᠦᠢ᠍ᠴᠡᠳ ᠪᠠᠳᠠᠷᠠᠭᠤᠯᠤᠨ᠎ᠠ᠃ ᠪᠦᠬᠦ ᠰᠤᠷᠭ᠋ᠠᠭᠤᠯᠢ ᠳᠠᠶᠠᠭ᠋ᠠᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠦᠴᠢᠷ᠎ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ᠎ᠳᠤ᠎ᠪᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠭᠰᠣᠬᠤ ᠦᠭᠡᠢ》 ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠪᠦᠯᠬᠦᠮᠳᠡᠨ ᠲᠡᠮᠡᠴᠡᠵᠦ᠂ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠡᠷᠴᠢ ᠵᠣᠷᠢᠭ ᠪᠣᠯᠤᠨ ᠲᠡᠮᠡᠴᠡᠯ᠎ᠤᠨ ᠵᠣᠷᠢᠭ᠎ᠢ ᠦᠨᠡᠨ ᠬᠦ᠌ ᠨᠠᠮ ᠮᠢᠨᠢ ᠰᠠᠨᠠᠭ᠎ᠠ ᠠᠮᠤᠷ᠂ ᠠᠷᠠᠳ ᠲᠦᠮᠡᠨ ᠮᠢᠨᠢ ᠰᠡᠳᠬᠢᠯ ᠬᠠᠨᠤᠮᠵᠢᠲᠠᠢ᠂ ᠣᠨᠴᠠᠯᠢᠭ ᠢᠯᠡ ᠲᠣᠳᠣ ᠲᠡᠷᠢᠭᠦᠨ᠎ᠤ ᠶᠡᠬᠡ ᠰᠤᠷᠭ᠋ᠠᠭᠤᠯᠢ ᠵᠢ ᠪᠦᠲᠦᠭᠡᠨ ᠪᠠᠶ᠋ᠢᠭᠤᠯᠬᠤ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠮᠠᠨ᠎ᠤ ᠰᠤᠷᠭ᠋ᠠᠭᠤᠯᠢ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠨ᠎ᠠ᠃