ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ᠎ᠤᠨ ᠬᠣᠷᠢᠶᠠᠨ᠎ᠤ ᠭᠤᠤᠯ ᠳᠤᠭᠤᠶ᠋ᠢᠯᠠᠩ᠎ᠤᠨ ᠲᠥᠪᠯᠡᠷᠡᠭᠦᠯᠦᠨ ᠰᠤᠷᠤᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-01-31


      ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ ᠵᠢᠨ

      ᠡᠮᠨᠡᠯᠭᠡ ᠵᠢᠨ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ

      ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ᠎ᠤᠨ ᠬᠣᠷᠢᠶᠠᠨ᠎ᠤ ᠭᠤᠤᠯ ᠳᠤᠭᠤᠢ᠍ᠯᠠᠩ᠎ᠤᠨ

      ᠲᠥᠪᠯᠡᠷᠡᠭᠦᠯᠦᠨ ᠰᠤᠷᠤᠯᠴᠠᠬᠤ ᠬᠤᠷᠠᠯ᠎ᠢ ᠬᠤᠷᠠᠯᠳᠤᠭᠤᠯᠪᠠ


     11 ᠰᠠᠷ᠎ᠠ ᠵᠢᠨ 16 — 17᠎ᠤ ᠡᠳᠦᠷ᠂ ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠬᠣᠶᠠᠷ ᠡᠳᠦᠷ᠎ᠤᠨ ᠴᠠᠭ᠎ᠢ ᠠᠰᠢᠭᠯᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠲᠥᠪᠯᠡᠷᠡᠭᠦᠯᠦᠨ ᠰᠤᠷᠤᠯᠴᠠᠬᠤ ᠬᠤᠷᠠᠯ᠎ᠢ ᠬᠤᠷᠠᠯᠳᠤᠭᠤᠯᠪᠠ᠃



      ᠰᠤᠷᠤᠯᠴᠠᠯᠭ᠎ᠠ ᠵᠢᠨ ᠬᠤᠭᠤᠴᠠᠭ᠋ᠠᠨ᠎ᠳᠤ᠂ ᠣᠯᠠᠨ ᠵᠶ᠋ᠠᠷ ᠵᠶ᠋ᠠᠨ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠠᠶ᠋ᠢᠯᠤᠮᠵᠢ ᠬᠢᠬᠦ᠂ ᠳᠠᠭ᠋ᠠᠭᠤᠯᠤᠨ ᠰᠤᠷᠤᠯᠴᠠᠬᠤ᠂ ᠸᠢᠳᠢᠣ᠋᠎ᠪᠠᠷ ᠰᠤᠷᠤᠯᠴᠠᠬᠤ ᠵᠡᠷᠭᠡ᠎ᠪᠠᠷ ᠳᠠᠮᠵᠢᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠪᠣᠯᠤᠨ ᠨᠠᠮ᠎ᠤᠨ ᠲᠦᠷᠢᠮ᠂ ᠶᠡᠬᠡ ᠬᠤᠷᠠᠯ᠎ᠤᠨ ᠰᠢᠷᠢᠰ ᠴᠢᠬᠤᠯᠠ ᠶᠠᠷᠢᠶ᠎ᠠ᠂ ᠬᠠᠮᠢᠶ᠎ᠠ ᠪᠥᠬᠥᠶ ᠪᠢᠴᠢᠭ ᠮᠠᠲ᠋ᠧᠷᠢᠶᠠᠯ ᠵᠡᠷᠭᠡ ᠵᠢ ᠨᠠᠷᠢᠨ ᠬᠢᠨᠠᠮᠠᠭ᠋ᠠᠶ ᠰᠤᠷᠤᠯᠴᠠᠵᠠᠶ᠃ ᠣᠯᠠᠨ ᠵᠶ᠋ᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠰᠡᠳᠬᠢᠮᠵᠢ ᠪᠠ ᠠᠷᠭ᠎ᠠ ᠬᠡᠮᠵᠢᠶ᠎ᠡ᠎ᠪᠠᠨ ᠲᠣᠳᠣᠷᠬᠠᠶ᠋ᠢᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠲᠠᠷᠢᠬᠢ ᠲᠣᠯᠣᠭ᠋ᠠᠶ᠎ᠪᠠᠨ ᠵᠡᠪᠰᠡᠭᠯᠡᠨ᠂ ᠦᠢ᠍ᠯᠡᠳᠦᠯᠭᠡ ᠵᠢ ᠵᠢᠯᠣᠭᠣᠳᠣᠭᠤᠯᠵᠤ᠂ ᠠᠵᠢᠯ ᠵᠶ᠋ᠠᠨ ᠠᠬᠢᠭᠤᠯᠤᠨ᠂ ᠪᠥᠬᠥ ᠰᠤᠷᠭ᠋ᠠᠭᠤᠯᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠳᠤ ᠥᠯᠢᠭᠡᠷ ᠳᠠᠭᠤᠷᠢᠶᠠᠯ ᠦᠵᠡᠭᠦᠯᠦᠭᠰᠡᠨ ᠪᠠᠶ᠋ᠢᠨ᠎ᠠ᠃


      ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ ᠮᠠ ᠰᠢᠶᠣᠤ ᠯᠢᠩ ᠫᠷᠤᠹᠧᠰᠰᠤᠷ ᠨᠠᠮ᠎ᠤᠨ
      ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠪᠡ




      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠮᠠᠲ᠋ᠧᠷᠢᠶᠠᠯ᠎ᠢ ᠨᠠᠶ᠋ᠢᠷᠠᠭᠤᠯᠤᠨ

      ᠬᠡᠪᠯᠡᠪᠡ



      ᠳᠠᠭ᠋ᠠᠭᠤᠯᠤᠨ ᠰᠤᠷᠤᠯᠴᠠᠬᠤ᠂ ᠸᠢᠳᠢᠣ᠋᠎ᠪᠠᠷ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠢ

      ᠥᠷᠨᠢᠭᠦᠯᠪᠡ




      ᠨᠣᠮ ᠤᠩᠰᠢᠬᠤ ᠠᠩᠭᠢ᠎ᠳᠤ᠂ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠬᠠᠨ ᠮᠧᠩ ᠶᠠᠷᠢᠶ᠎ᠠ ᠲᠠᠯᠪᠢᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠶ ᠭᠤᠷᠪᠠᠨ ᠰᠠᠨᠠᠯ ᠳᠤᠷᠠᠳᠪᠠ᠃ ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ 《ᠬᠣᠶᠠᠷ᠎ᠢ ᠳᠣᠭᠲᠠᠭ᠋ᠠᠭᠰᠠᠨ》᠎ᠤ   ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠲᠦᠷᠦᠭᠦᠯᠡᠨ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠋ᠠᠨ᠎ᠤ ᠲᠠᠯ᠎ᠠ᠎ᠪᠠᠷ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠶ᠋ᠢᠬᠤ ᠬᠡᠷᠡᠭᠲᠡᠶ᠃ ᠬᠣᠶᠠᠷ᠎ᠲᠤ᠂ ᠤᠯᠠᠨ ᠵᠦᠢ᠍ᠯ᠎ᠤᠨ ᠬᠡᠯᠪᠡᠷᠢ᠎ᠪᠠᠷ ᠭᠦᠨᠵᠡᠭᠡᠢ ᠰᠤᠷᠤᠯᠴᠠᠬᠤ ᠬᠡᠷᠡᠭᠲᠡᠢ᠃ ᠪᠦᠬᠦ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠥ ᠤᠬᠠᠭᠤᠯᠤᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠣᠳᠣᠬᠠᠨ᠎ᠳᠤ ᠥᠷᠨᠢᠭᠦᠯᠵᠦ ᠪᠠᠶ᠋ᠢᠭ᠎ᠠ 《ᠪᠤᠭᠤᠲᠤ ᠵᠢ ᠬᠠᠶ᠋ᠢᠷᠠᠯᠠᠵᠤ᠂ ᠬᠤᠪᠢ ᠨᠡᠮᠡᠷᠢ ᠦᠵᠡᠭᠦᠯᠬᠦ》 ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ᠎ᠲᠠᠢ ᠤᠶᠠᠯᠳᠤᠭᠤᠯᠤᠨ᠂ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ ᠡᠪᠯᠡᠯ᠎ᠤᠨ ᠡᠳᠦᠷ᠂ ᠤᠯᠤᠰ ᠲᠦᠷᠦ ᠵᠢᠨ ᠤᠨᠤᠯ᠎ᠤᠨ ᠰᠤᠷᠤᠯᠴᠠᠯᠭ᠎ᠠ᠂ ᠤᠬᠠᠭᠤᠯᠤᠨ ᠲᠠᠶ᠋ᠢᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠂ ᠪᠠᠭᠰᠢ ᠰᠤᠷᠤᠬ᠍ᠴᠢ ᠠᠵᠢᠯᠳᠠᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠪᠣᠯᠤᠨ ᠨᠠᠮ᠎ᠤᠨ ᠲᠦᠷᠢᠮ᠎ᠢ ᠤᠭ ᠶᠣᠰᠤ᠎ᠪᠠᠷ᠎ᠨᠢ ᠰᠤᠷᠤᠯᠴᠠᠵᠥ ᠰᠤᠳᠤᠯᠤᠨ ᠤᠩᠰᠢᠬᠤ ᠵᠢ ᠬᠦᠳᠦᠯᠦᠨ ᠵᠢᠯᠣᠭᠣᠳᠴᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠥ ᠨᠡᠪᠳᠡᠷᠡᠳᠡᠯ᠎ᠡ ᠣᠢ᠌ᠯᠠᠭ᠋ᠠᠨ᠂ ᠰᠡᠳᠬᠢᠯ᠎ᠳᠤ᠎ᠪᠠᠨ ᠬᠠᠳᠠᠩᠰᠢᠭᠤᠯᠵᠤ᠂ ᠭᠦᠨᠵᠡᠭᠡᠢ᠌ᠷᠡᠭᠦᠯᠵᠦ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ᠃ ᠭᠤᠷᠪᠠ᠎ᠳᠤ᠂ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠪᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠵᠠᠯᠠᠭᠤ ᠰᠤᠷᠤᠭᠴᠢᠳ᠎ᠢ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠤᠨ᠂ ᠨᠠᠮ ᠵᠶ᠋ᠠᠨ ᠳᠠᠭ᠋ᠠᠬᠤ᠎ᠪᠠᠷ ᠬᠦᠲᠦᠯᠦᠨ ᠳᠠᠭ᠋ᠠᠭᠤᠯᠵᠤ᠂ ᠬᠦᠰᠡᠯᠡᠩ᠎ᠲᠠᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠢ ᠳᠠᠭ᠋ᠠᠭ᠋ᠠᠵᠤ ᠳᠡᠶ᠋ᠢᠯᠬᠦ᠂ ᠵᠣᠷᠢᠭᠲᠠᠢ᠎ᠪᠠᠷ ᠲᠡᠮᠡᠴᠡᠬᠦ ᠰᠢᠨ᠎ᠡ ᠴᠠᠭ ᠦᠶ᠎ᠡ ᠵᠢᠨ ᠰᠠᠢ᠍ᠢ᠍ᠨ ᠵᠠᠯᠠᠭᠤᠴᠤᠳ ᠪᠣᠯᠭ᠋ᠠᠬᠤ᠎ᠪᠠᠷ ᠴᠢᠷᠮᠠᠢ᠌ᠬᠤ ᠬᠡᠷᠡᠭᠲᠡᠢ᠃ ᠰᠤᠷᠭ᠋ᠠᠭᠤᠯᠢ ᠵᠢᠨ ᠠᠵᠢᠯ᠎ᠳᠠᠬᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠴᠢᠨᠠᠷᠯᠢᠭ ᠨᠠᠮ᠎ᠤᠨ ᠪᠠᠶ᠋ᠢᠭᠤᠯᠤᠯᠲᠠ᠎ᠪᠠᠷ ᠰᠤᠷᠭ᠋ᠠᠭᠤᠯᠢ ᠡᠷᠭᠢᠯᠡᠬᠦ ᠰᠤᠷᠭ᠋ᠠᠭᠤᠯᠢ ᠵᠢ ᠵᠠᠰᠠᠬᠤ᠂ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠪᠥᠬᠥ ᠶᠠᠪᠤᠴᠠ ᠵᠢ ᠬᠥᠲᠥᠯᠥᠨ ᠳᠠᠭ᠋ᠠᠭᠤᠯᠬᠤ ᠬᠡᠷᠡᠭᠲᠡᠶ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠰᠤᠷᠭ᠋ᠠᠭᠤᠯᠢ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠭᠦᠯᠦᠯᠲᠡ ᠵᠢᠨ ᠬᠠᠷᠠᠯᠲᠠ ᠪᠠ ᠡᠭᠦᠷᠭᠡ ᠵᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠦᠷᠭᠦᠯᠵᠢᠯᠡᠨ ᠴᠢᠩᠭ᠋ᠠᠳᠬᠠᠭᠰᠠᠨ ᠰᠠᠭᠤᠷᠢᠨ ᠳᠡᠭᠡᠷ᠎ᠡ ᠣᠳᠣᠬᠠᠨ᠎ᠤ ᠪᠠ ᠬᠣᠶ᠋ᠢᠰᠢᠳᠠ   ᠵᠢᠨ ᠬᠡᠰᠡᠭ ᠬᠤᠭᠤᠴᠠᠭ᠋ᠠᠨ᠎ᠤ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ᠎ᠤᠨ ᠰᠡᠳᠬᠢᠮᠵᠢ ᠪᠠ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠶ ᠰᠡᠳᠬᠢᠨ ᠪᠥᠬᠥ ᠲᠠᠯ᠎ᠠ᠎ᠪᠠᠷ ᠲᠥᠯᠥᠪᠵᠢᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠰᠤᠷᠭ᠋ᠠᠭᠤᠯᠢ ᠵᠢ ᠣᠷᠣᠨ ᠪᠦᠰᠡ ᠵᠢᠨ ᠴᠢᠨᠠᠷᠲᠠᠶ ᠲᠡᠷᠢᠭᠦᠨ᠎ᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠪᠠ ᠥᠨᠳᠥᠷ ᠲᠦᠪᠰᠢᠨᠲᠦ ᠣᠷᠣᠨ ᠪᠦᠰᠡ ᠵᠢᠨ ᠴᠢᠨᠠᠷᠲᠠᠶ ᠡᠮᠴᠢᠯᠡᠭᠡ᠂ ᠰᠤᠳᠤᠯᠭ᠋ᠠᠨ᠎ᠤ ᠲᠥᠪ ᠪᠣᠯᠭ᠋ᠠᠨ ᠪᠥᠲᠥᠭᠡᠨ ᠪᠠᠶ᠋ᠢᠭᠤᠯᠬᠤ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠪᠤᠭᠤᠲᠤ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠰᠠᠶ᠋ᠢᠲᠤᠷ ᠪᠢᠴᠢᠭᠯᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠬᠡᠰᠢᠭᠦᠨ᠂ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷᠴᠤᠳ ᠰᠦᠯᠵᠢᠶᠡᠨ᠎ᠳᠤ ᠪᠠ ᠰᠦᠯᠵᠢᠶᠡᠨ ᠭᠠᠳᠠᠨ᠎ᠠ ᠰᠤᠷᠤᠯᠴᠠᠯᠭ᠎ᠠ᠎ᠳᠤ ᠣᠷᠣᠯᠴᠠᠪᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ》 ᠵᠢ ᠰᠤᠷᠭ᠋ᠠᠭᠤᠯᠢ᠎ᠳᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠡᠬᠢᠯᠡᠭᠦᠯᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠪᠣᠷᠣᠲᠣᠬᠣᠶ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠷᠭ᠋ᠠᠭᠤᠯᠢ ᠵᠢᠨ ᠬᠦᠷᠢᠶᠡᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠡᠬᠢᠯᠡᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠸᠠᠨ ᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ
 
             蒙ICP备05000248号