11 ᠰᠠᠷ᠎ᠠ ᠵᠢᠨ 18᠎ᠤ ᠡᠳᠦᠷ᠂ ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠰᠤᠷᠭ᠋ᠠᠭᠤᠯᠢ ᠵᠢᠨ ᠬᠦᠷᠢᠶᠡᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠰᠦᠯᠵᠢᠶᠡᠨ᠎ᠳᠤ ᠡᠬᠢᠯᠡᠪᠡ᠃ ᠲᠦᠩᠯᠢᠶᠣᠤ ᠬᠣᠲᠠ ᠵᠢᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠂ ᠰᠤᠷᠭ᠋ᠠᠭᠤᠯᠢ ᠵᠢᠨ ᠡᠪᠯᠡᠯ᠎ᠤᠨ ᠬᠣᠷᠢᠶᠠᠨ᠎ᠤ ᠳᠡᠳ᠋ ᠱᠦᠵᠢ ᡂᠢ ᠵᠢᠶᠠ ᠵᠢᠩ ᠬᠠᠮᠤᠭ᠎ᠤᠨ ᠲᠦᠷᠦᠭᠦᠦ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠪᠠ᠃ ᠤᠬᠠᠭᠤᠯᠤᠨ ᠲᠠᠶ᠋ᠢᠯᠪᠤᠷᠢᠯᠠᠬᠤ ᠶᠠᠪᠤᠴᠠ᠎ᠳᠤ᠂ ᡂᠢ ᠵᠢᠶᠠ ᠵᠢᠩ 《ᠠᠭᠤᠤ ᠶᠡᠬᠡ ᠰᠡᠷᠭᠦᠨ ᠮᠠᠨᠳᠤᠯᠲᠠ ᠲᠡᠶ᠋ᠢᠰᠢ ᠲᠤᠮᠤ ᠠᠯᠬᠤᠮ ᠵᠶ᠋ᠠᠷ ᠤᠷᠤᠭᠰᠢᠯᠠᠰᠤᠭ᠋ᠠᠢ — ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠵᠣᠷᠢᠭ ᠰᠠᠨᠠᠭ᠎ᠠ ᠵᠢ ᠰᠤᠷᠤᠯᠴᠠᠬᠤ᠎ᠨᠢ》᠎ᠪᠠᠷ ᠭᠣᠣᠯ ᠰᠡᠳᠦᠪ ᠪᠣᠯᠭ᠋ᠠᠵᠤ᠂ 《ᠥᠩᠭᠡᠷᠡᠭᠰᠡᠨ ᠲᠠᠪᠤᠨ ᠵᠢᠯ᠎ᠤᠨ ᠠᠵᠢᠯ ᠪᠣᠯᠤᠨ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶ᠋ᠢᠳᠠᠯ᠎ᠢ ᠨᠡᠭᠡᠭᠡᠬᠦ᠂ ᠰᠢᠨ᠎ᠡ ᠴᠠᠭ ᠦᠶ᠎ᠡ ᠰᠢᠨ᠎ᠡ ᠠᠶᠠᠯᠠᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷᠭᠡ ᠬᠠᠷᠢᠭᠤᠴᠠᠯᠭ᠎ᠠ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠪᠣᠳᠠᠲᠠᠢ ᠠᠷᠭ᠎ᠠ ᠬᠡᠮᠵᠢᠶ᠎ᠡ》 ᠵᠡᠷᠭᠡ ᠲᠦᠷᠪᠡᠨ ᠲᠠᠯ᠎ᠠ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠵᠣᠷᠢᠭ ᠰᠠᠨᠠᠭ᠎ᠠ ᠵᠢ ᠭᠦᠨᠵᠡᠭᠡᠢ ᠪᠥᠭᠡᠳ ᠣᠶ᠋ᠢᠯᠠᠭ᠋ᠠᠮᠵᠢᠲᠠᠢ ᠲᠠᠶ᠋ᠢᠯᠪᠤᠷᠢᠯᠠᠪᠠ᠃ ᠡᠭᠦᠨ᠎ᠤ ᠬᠠᠮᠲᠤ᠂ ᡂᠢ ᠵᠢᠶᠠ ᠵᠢᠩ ᠪᠠᠰᠠ ᠠᠯᠢ ᠤᠯᠠᠨ ᠨᠠᠷᠢᠨ ᠪᠣᠳᠠᠲᠠᠢ ᠲᠣᠭ᠎ᠠ ᠪᠠᠷᠢᠮᠲᠠ᠂ ᠠᠯᠢ ᠤᠯᠠᠨ ᠰᠣᠩᠭᠣᠳᠠᠭ ᠬᠡᠷᠡᠭ᠎ᠤᠨ ᠵᠢᠱ᠌ᠢᠶ᠎ᠡ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠣᠯᠤᠭᠰᠠᠨ ᠴᠢᠬᠤᠯᠠ ᠶᠡᠬᠡ ᠤᠯᠤᠰ ᠲᠦᠷᠦ ᠵᠢᠨ ᠦᠷ᠎ᠡ ᠪᠦᠲᠦᠭᠡᠯ᠂ ᠴᠢᠬᠤᠯᠠ ᠶᠡᠬᠡ ᠤᠨᠤᠯ᠎ᠤᠨ ᠦᠷ᠎ᠡ ᠪᠦᠲᠦᠭᠡᠯ᠂ ᠴᠢᠬᠤᠯᠠ ᠶᠡᠬᠡ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠰᠢᠰᠲ᠋ᠧᠮᠲᠡᠢ ᠲᠠᠶ᠋ᠢᠯᠪᠤᠷᠢᠯᠠᠪᠠ᠃


ᠲᠠᠶ᠋ᠢᠯᠤᠮᠵᠢ ᠵᠢ ᠰᠣᠨᠣᠰᠤᠭᠰᠠᠨ ᠪᠠᠭᠰᠢ ᠨᠠᠷ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ 《ᠬᠣᠶᠠᠷ᠎ᠢ ᠳᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠭᠤᠯᠵᠤ᠂ ᠳᠡᠭᠡᠳᠦ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ᠃ ᠬᠤᠪᠢ ᠬᠥᠮᠦᠨ᠎ᠤ ᠬᠦᠰᠡᠯᠡᠩ ᠵᠶ᠋ᠠᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠰᠢᠨ᠎ᠡ ᠠᠶᠠᠯᠠᠯ᠎ᠳᠤ ᠠᠭᠤᠰᠬᠠᠨ᠂ ᠥᠪᠡᠷ ᠪᠡᠶ᠎ᠡ ᠵᠢᠨ ᠬᠥᠭᠵᠢᠯᠲᠡ ᠵᠢ ᠠᠵᠤ ᠠᠬᠤᠢ ᠨᠡᠶ᠋ᠢᠭᠡᠮ᠎ᠤᠨ ᠰᠢᠨ᠎ᠡ ᠬᠥᠭᠵᠢᠯᠲᠡ᠎ᠳᠤ ᠠᠭᠤᠰᠬᠠᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠵᠢᠨ ᠶᠠᠪᠤᠴᠠ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠭᠡᠪᠡ᠃
ᠰᠦᠯᠵᠢᠶᠡᠨ᠎ᠳᠤ ᠦᠵᠡᠵᠦ ᠪᠠᠢ᠌ᠭ᠎ᠠ᠎ᠨᠢ

