11 ᠰᠠᠷ᠎ᠠ ᠵᠢᠨ 18᠎ᠤ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠸᠠᠨ ᠢ ᠸᠢᠳᠢᠣ᠋ ᠬᠤᠷᠠᠯ᠎ᠤᠨ ᠬᠡᠯᠪᠡᠷᠢ᠎ᠪᠠᠷ ᠠᠮᠢᠲᠠᠨ᠎ᠤ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠪᠥᠬᠥ ᠪᠠᠭᠰᠢ ᠰᠤᠷᠤᠭᠴᠢ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ᠃ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ᠎ᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠮᠢᠲᠠᠨ᠎ᠤ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠪᠦᠦ ᠭᠦᠸᠧ ᠿᠥᠩ ᠡᠷᠬᠢᠯᠡᠪᠡ᠃ ᠸᠠᠩ ᠸᠠᠨ ᠢ 《ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠰᠤᠭ᠋ᠠᠢ》 ᠭᠡᠬᠦ ᠰᠡᠳᠦᠪ ᠵᠶ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠭᠦᠨᠵᠡᠭᠡᠶ ᠤᠬᠠᠭᠤᠯᠤᠨ ᠲᠠᠶ᠋ᠢᠯᠪᠤᠷᠢᠯᠠᠪᠠ᠃

ᠤᠬᠠᠭᠤᠯᠤᠨ ᠲᠠᠶ᠋ᠢᠯᠪᠤᠷᠢᠯᠠᠬᠤ ᠶᠠᠪᠤᠴᠠ᠎ᠳᠤ᠂ ᠸᠠᠩ ᠸᠠᠨ ᠢ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠰᠤᠷᠭ᠋ᠠᠭᠤᠯᠢ ᠵᠢᠨ ᠣᠳᠣᠬᠠᠨ᠎ᠤ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠤᠨ᠎ᠠ᠃ ᠪᠥᠬᠥ ᠰᠤᠷᠭ᠋ᠠᠭᠤᠯᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠥᠷᠭᠡᠨ ᠣᠯᠠᠨ ᠪᠠᠭᠰᠢ ᠰᠤᠷᠤᠭᠴᠢ ᠵᠢ ᠬᠥᠲᠥᠯᠥᠨ ᠵᠢᠯᠣᠭᠣᠳᠴᠤ 《ᠬᠣᠶᠠᠷ᠎ᠢ ᠳᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠭᠤᠯᠵᠤ᠂ ᠲᠠᠰᠤᠷᠠᠯᠲᠠ ᠥᠬᠡᠶ 《ᠳᠥᠷᠪᠡᠨ ᠤᠬᠠᠮᠰᠠᠷ》ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠪᠣᠶ ᠪᠣᠯᠭ᠋ᠠᠬᠤ ᠬᠡᠷᠡᠭᠲᠡᠶ᠃ ᠡᠳᠦᠷ ᠲᠤᠲᠤᠮ᠎ᠤᠨ ᠵᠢᠭ᠋ᠠᠨ ᠰᠤᠷᠭ᠋ᠠᠯᠲᠠ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠠᠳᠬᠤᠭᠰᠠᠨ ᠪᠠᠶ᠋ᠢᠳᠠᠯ᠎ᠳᠤ 《ᠬᠣᠶᠠᠷ᠎ᠢ ᠳᠣᠭᠲᠠᠭ᠋ᠠᠭᠰᠠᠨ》 ᠳᠡᠭᠡᠷ᠎ᠡ ᠬᠦᠴᠦᠯᠡᠬᠦ ᠴᠡᠭ ᠵᠶ᠋ᠠᠨ ᠲᠥᠪᠯᠡᠷᠡᠭᠦᠯᠦᠨ᠎ᠡ; ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠴᠢᠬᠤᠯᠠ ᠶᠡᠬᠡ ᠠᠮᠵᠢᠯᠲᠠ ᠪᠠ ᠰᠢᠨ᠎ᠡ ᠴᠠᠭ ᠦᠶ᠎ᠡ ᠵᠢᠨ 10 ᠵᠢᠯ᠎ᠤᠨ ᠠᠭᠤᠤ ᠶᠡᠬᠡ ᠬᠤᠪᠢᠰᠤᠯᠲᠠ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ᠎ᠡ; ᠮᠠᠷᠺᠰ᠎ᠤᠨ ᠦᠵᠡᠯ᠎ᠢ ᠳᠤᠮᠳᠠᠳᠤ ᠣᠯᠣᠰᠴᠢᠯᠠᠬᠣ ᠴᠠᠭ ᠦᠶᠡᠴᠢᠯᠡᠬᠦ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠰᠠᠶ᠋ᠢᠲᠤᠷ ᠡᠵᠡᠮᠰᠢᠬᠦ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠣᠨᠣᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠭᠦᠨ᠎ᠳᠤ ᠲᠤᠭᠤᠰᠢᠯᠠᠭᠳᠠᠵᠤ ᠪᠠᠶ᠋ᠢᠭ᠎ᠠ ᠵᠣᠭᠰᠣᠯᠲᠠ ᠦᠵᠡᠯᠲᠡ ᠠᠷᠭ᠎ᠠ ᠵᠢ ᠰᠠᠶ᠋ᠢᠲᠤᠷ ᠪᠠᠷᠢᠮᠲᠠᠯᠠᠨ ᠰᠠᠶ᠋ᠢᠲᠤᠷ ᠬᠡᠷᠡᠭᠯᠡᠨ᠎ᠡ; ᠤᠨᠤᠯ ᠪᠠ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠢᠪᠲᠤᠯᠤᠯᠲᠠ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ᠎ᠡ; ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠲᠣᠭᠲᠠᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠭ᠋ᠠᠭᠤᠯᠢ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠠᠬᠢᠭᠤᠯᠤᠨ᠂ ᠴᠡᠴᠡᠭᠯᠡᠨ ᠵᠢᠮᠢᠰᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠸᠠᠨ ᠢ᠂ ᠪᠦᠬᠦ ᠰᠤᠷᠭ᠋ᠠᠭᠤᠯᠢ᠎ᠪᠠᠷ ᠵᠶ᠋ᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠭᠡᠨ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠥᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠬᠣᠭᠣᠰᠣᠨ ᠦᠭᠡ ᠲᠥᠷᠦ ᠵᠢᠨ ᠪᠣᠳᠤᠯᠭ᠎ᠠ ᠵᠢ ᠰᠠᠭ᠋ᠠᠲᠠᠭ᠋ᠠᠵᠤ᠂ ᠪᠣᠳᠠᠲᠤ ᠠᠵᠢᠯᠯᠠᠭ᠎ᠠ ᠤᠯᠤᠰ ᠭᠦᠷᠦᠨ᠎ᠢ ᠬᠥᠭᠵᠢᠭᠦᠯᠬᠦ ᠵᠢ ᠪᠠᠲᠤ ᠴᠡᠭᠡᠵᠢᠯᠡᠨ᠂ 《ᠳᠡᠰᠪᠦᠷᠢ ᠬᠠᠲᠠᠭᠤᠵᠢᠯᠲᠠᠢ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ᠎ᠳᠤ᠎ᠪᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠭᠰᠣᠬᠤ ᠦᠭᠡᠢ》 ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠰᠤᠷᠭ᠋ᠠᠭᠤᠯᠢ ᠵᠢᠨ 《131467》 ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠋ᠠᠨ᠎ᠤ ᠲᠥᠯᠥᠪᠯᠡᠭᠡ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠤᠷᠭ᠋ᠠᠭᠤᠯᠢ ᠵᠢᠨ ᠠᠵᠢᠯ ᠦᠢ᠍ᠯᠡᠰ᠎ᠲᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠶᠣᠰᠣ ᠰᠤᠷᠲᠠᠬᠤᠨ᠎ᠢ ᠪᠣᠢ ᠪᠣᠯᠭ᠋ᠠᠨ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠵᠤ᠂ ᠰᠤᠷᠭ᠋ᠠᠭᠤᠯᠢ ᠵᠢᠨ ᠳᠣᠲᠣᠭ᠋ᠠᠳᠤ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠨ᠂ ᠲᠡᠷᠢᠭᠦᠨ᠎ᠤ ᠪᠠᠭᠰᠢ ᠵᠢᠨ ᠡᠩᠨᠡᠭᠡ ᠵᠢ ᠬᠦᠴᠦᠯᠡᠨ ᠪᠠᠢ᠌ᠭᠤᠯᠵᠤ᠂ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠦᠭᠡ ᠴᠢᠳᠠᠪᠤᠷᠢᠲᠠᠨ᠎ᠢ ᠬᠥᠮᠦᠵᠢᠭᠦᠯᠬᠦ᠂ ᠣᠨᠴᠠᠯᠢᠭ ᠢᠯᠡ ᠲᠣᠳᠣ ᠥᠨᠳᠥᠷ ᠲᠦᠪᠰᠢᠨᠲᠦ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢ ᠲᠦᠷᠭᠡᠳᠬᠡᠨ ᠪᠠᠶ᠋ᠢᠭᠤᠯᠬᠤ᠎ᠳᠤ ᠨᠡᠩ ᠶᠡᠬᠡ᠎ᠪᠠᠷ ᠰᠢᠨ᠎ᠡ ᠬᠦᠴᠦᠨ ᠴᠢᠳᠠᠯ ᠵᠶ᠋ᠠᠨ ᠵᠣᠷᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃