ᠲᠦᠷᠦᠭᠦᠬᠡᠨ᠂ ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠳᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ 14 ᠳ᠋ᠦ᠍ᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠡᠷᠭᠢᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠲᠣᠭᠣᠷᠢᠨ᠎ᠳᠤ ᠲᠤᠰᠬᠠᠶ ᠰᠡᠳᠦᠪ ᠵᠶ᠋ᠡᠷ ᠰᠤᠷᠤᠯᠴᠠᠭᠰᠠᠨ ᠪᠠ ᠰᠤᠳᠤᠯᠤᠨ ᠶᠠᠷᠢᠯᠴᠠᠵᠠᠶ᠃ ᠠᠶ᠋ᠢᠮᠠᠭ᠎ᠤᠨ ᠰᠢᠭᠤᠳ ᠬᠠᠷᠢᠶ᠎ᠠ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠡᠯ᠎ᠡ ᠨᠠᠮ᠎ᠤᠨ ᠶᠡᠷᠦᠩᠬᠡᠶ ᠡᠭᠦᠷ᠂ ᠨᠠᠮ᠎ᠤᠨ ᠡᠭᠦᠷ᠎ᠤᠨ ᠪᠥᠬᠥ ᠨᠠᠮ᠎ᠤᠨ ᠭᠡᠰᠢᠭᠦᠨ᠂ ᠪᠡᠯᠡᠳᠬᠡᠯ ᠨᠠᠮ᠎ᠤᠨ ᠭᠡᠰᠢᠭᠦᠨ᠂ ᠬᠥᠮᠥᠵᠢᠭᠦᠯᠬᠦ ᠡᠲᠡᠭᠡᠳ᠂ ᠨᠠᠮ᠎ᠳᠤ ᠣᠷᠣᠬᠤ ᠢᠳᠡᠪᠬᠢᠲᠡᠨ ᠵᠡᠷᠭᠡ 200 ᠭᠠᠷᠤᠶ ᠬᠥᠮᠦᠨ ᠰᠤᠷᠤᠯᠴᠠᠯᠭ᠎ᠠ᠎ᠳᠤ ᠣᠷᠣᠯᠴᠠᠪᠠ᠃
ᠨᠣᠮ ᠤᠩᠰᠢᠬᠤ ᠠᠩᠭᠢ ᠵᠢ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠸᠢᠳᠢᠣ᠋ ᠦᠵᠡᠬᠦ ᠬᠡᠯᠪᠡᠷᠢ᠎ᠪᠠᠷ ᠶᠠᠪᠤᠭᠳᠠᠭᠤᠯᠵᠤ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠢᠯᠡᠳᠭᠡᠯ᠎ᠤᠨ ᠤᠭ ᠵᠣᠬᠢᠶᠠᠯ᠎ᠢ ᠣᠩᠰᠢᠭᠤᠯᠤᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ ᠰᠤᠷᠤᠯᠴᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠬᠠᠪᠰᠤᠷᠤᠨ ᠵᠢᠯᠣᠭᠣᠳᠬᠤ ᠲᠠᠶ᠋ᠢᠯᠤᠮᠵᠢ ᠵᠢ ᠦᠵᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠭᠤᠯᠤᠨ ᠨᠡᠪᠲᠡᠷᠡᠲᠡᠯ᠎ᠡ ᠣᠶ᠋ᠢᠯᠠᠭ᠋ᠠᠭᠤᠯᠵᠠᠶ᠃

ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠳᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ 14 ᠳ᠋ᠦ᠍ᠭᠡᠷ ᠤᠳᠠᠭ᠋ᠠᠨ᠎ᠤ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠳᠡᠭᠡᠷ᠎ᠡ᠂ ᠳᠣᠪᠴᠢᠶᠠᠨ᠎ᠤ ᠤᠳᠤᠷᠢᠳᠬᠤ ᠪᠠᠭ᠎ᠤᠨ ᠬᠡᠰᠢᠭᠦᠨ᠂ ᠳᠣᠪᠴᠢᠶᠠᠨ᠎ᠤ ᠬᠠᠷᠢᠶ᠎ᠠ ᠨᠢᠭᠡᠴᠢ ᠵᠢᠨ ᠭᠤᠤᠯ ᠬᠠᠷᠢᠭᠤᠴᠠᠯᠭ᠋ᠠᠲᠠᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠶᠠᠭ᠋ᠠᠬᠢᠵᠤ ᠰᠤᠷᠤᠯᠴᠠᠨ ᠲᠤᠭᠤᠰᠢᠯᠠᠭᠤᠯᠬᠤ ᠲᠣᠭᠣᠷᠢᠨ᠎ᠳᠤ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠠᠨᠠᠯ ᠵᠶ᠋ᠠᠨ ᠰᠣᠯᠢᠯᠴᠠᠵᠤ ᠦᠭᠡ ᠬᠡᠯᠡᠪᠡ᠃
ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠮᠣᠷᠳᠠᠨ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠨᠢᠭᠡ ᠤᠳᠠᠭ᠋ᠠᠨ᠎ᠤ ᠲᠤᠶ᠋ᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠢᠰᠲ᠋ᠧᠮᠲᠡᠢ ᠰᠤᠷᠤᠯᠴᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠢ ᠰᠤᠷᠤᠯᠴᠠᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠤᠢ᠍ᠢ᠍ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ᠎ᠲᠠᠢ ᠤᠶᠠᠯᠳᠤᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠭᠣᠣᠯ ᠴᠢᠬᠤᠯᠠ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠰᠢᠵᠦ᠂ ᠪᠣᠳᠠᠲᠠᠶ᠎ᠲᠠᠢ ᠤᠶᠠᠯᠳᠤᠭᠤᠯᠤᠨ ᠰᠤᠷᠤᠯᠴᠠᠵᠤ᠂ ᠨᠡᠪᠲᠡᠷᠡᠲᠡᠯ᠎ᠡ ᠣᠢ᠌ᠯᠠᠭ᠋ᠠᠨ ᠰᠤᠷᠤᠯᠴᠠᠬᠤ ᠬᠡᠷᠡᠭᠲᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠰᠤᠳᠤᠯᠤᠨ ᠶᠠᠷᠢᠯᠴᠠᠬᠤ᠂ ᠶᠠᠷᠢᠯᠴᠠᠬᠤ᠎ᠪᠠᠷ ᠳᠡᠮᠵᠢᠨ ᠲᠠᠨᠢᠯᠲᠠ ᠪᠠ ᠲᠥᠷᠥᠭᠳᠡᠯ ᠵᠶ᠋ᠠᠨ ᠰᠣᠯᠢᠯᠴᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠣᠨᠣᠪᠴᠢᠲᠠᠶ ᠤᠶ᠋ᠢᠯᠠᠭ᠋ᠠᠨ ᠡᠵᠡᠮᠰᠢᠵᠦ᠂ 《ᠬᠣᠶᠠᠷ᠎ᠢ ᠳᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠶ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠨᠠᠩ ᠡᠷᠡᠰ ᠪᠠᠲᠤ ᠤᠬᠠᠮᠰᠠᠷ᠎ᠠᠴᠠ᠎ᠪᠠᠨ ᠪᠡᠶᠡᠯᠡᠭᠦᠯᠵᠦ᠂ ᠴᠠᠭ ᠢᠮᠠᠭᠲᠠ ᠨᠠᠮ᠎ᠤᠨ ᠰᠢᠨ᠎ᠡ ᠵᠢ ᠡᠭᠦᠳᠦᠭᠰᠡᠨ ᠣᠨᠣᠯ ᠵᠶ᠋ᠠᠷ ᠲᠠᠷᠢᠬᠢ ᠲᠣᠯᠣᠭ᠋ᠠᠶ᠎ᠪᠠᠨ ᠵᠡᠪᠰᠡᠭᠯᠡᠵᠦ᠂ ᠦᠢ᠍ᠯᠡᠳᠦᠯᠭᠡ ᠵᠢ ᠵᠢᠯᠣᠭᠣᠳᠤᠭᠤᠯᠤᠨ᠂ ᠠᠵᠢᠯ ᠵᠶ᠋ᠠᠨ ᠠᠬᠢᠭᠤᠯᠬᠤ ᠬᠡᠷᠡᠭᠲᠡᠶ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠠᠲᠤᠲᠠᠢ ᠬᠡᠷᠡᠭᠵᠢᠭᠦᠯᠵᠦ᠂ ᠰᠤᠷᠤᠯᠴᠠᠬᠤ ᠰᠡᠳᠬᠢᠬᠦ ᠬᠡᠷᠡᠭᠯᠡᠬᠦ ᠵᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠵᠢ ᠪᠠᠷᠢᠮᠲᠠᠯᠠᠵᠤ᠂ ᠶᠡᠷᠦᠩᠬᠡᠢ ᠴᠢᠭᠯᠡᠯ᠎ᠢ ᠰᠠᠶ᠋ᠢᠲᠤᠷ ᠡᠵᠡᠮᠳᠡᠵᠦ᠂ ᠨᠠᠢ᠌ᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ᠂ ᠠᠷᠭ᠎ᠠ ᠬᠡᠮᠵᠢᠶ᠎ᠡ ᠵᠢ ᠨᠠᠷᠢᠯᠢᠭ ᠠᠳᠬᠤᠬᠤ ᠵᠢ ᠴᠢᠬᠤᠯᠠᠴᠢᠯᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠦᠨᠡᠨ ᠬᠦ᠌ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠪᠠ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠵᠢ ᠪᠠᠳᠠᠷᠠᠭᠤᠯᠤᠨ᠂ ᠪᠦᠯᠬᠦᠮᠳᠡᠨ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠰᠢᠨ᠎ᠡ ᠳᠦᠷᠰᠦ ᠪᠠᠶ᠋ᠢᠳᠠᠯ ᠰᠢᠨ᠎ᠡ ᠵᠢᠳᠬᠦᠯ ᠴᠢᠷᠮᠠᠶ᠋ᠢᠯᠭ᠎ᠠ ᠵᠢ ᠲᠠᠰᠤᠷᠠᠯᠳᠠ ᠦᠭᠡᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃