ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠥᠵᠢᠯ᠎ᠤᠨ ᠠᠵᠢᠯᠯᠠᠭ᠎ᠠ — ᠵᠠᠯᠠᠨ ᠠᠢ᠌ᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ ᠰᠤᠷᠤᠭᠴᠢᠳ᠎ᠤᠨ ᠳᠤᠮᠲᠠ ᠭᠦᠨᠵᠡᠭᠡᠢ᠌ᠷᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-02-13


      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ᠂ ᠵᠠᠯᠠᠭᠤ ᠰᠤᠷᠤᠭᠴᠢᠳ᠎ᠢ ᠬᠥᠲᠥᠯᠥᠨ ᠵᠢᠯᠣᠭᠣᠳᠴᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠭᠤᠯᠤᠨ ᠨᠠᠷᠢᠨ ᠣᠢ᠌ᠯᠠᠭ᠋ᠠᠭᠤᠯᠬᠤ ᠵᠢᠨ ᠲᠥᠯᠥᠭᠡ᠂ ᠲᠦᠷᠦᠭᠦᠬᠡᠨ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠂ ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ   ᠬᠡᠰᠢᠭᠦᠨ᠂ ᠮᠠᠷᠺᠰ᠎ᠤᠨ ᠦᠵᠡᠯ᠎ᠤᠨ ᠵᠢᠭ᠋ᠠᠬᠤ ᠵᠢ ᠰᠤᠳᠤᠯᠬᠤ ᠬᠡᠯᠲᠡᠰ᠎ᠤᠨ ᠡᠷᠬᠢᠯᠡᠭᠴᠢ ᠸᠠᠩ ᠾᠥᠩ ᠳᠡᠭᠡᠳᠦ ᠰᠤᠷᠭ᠋ᠠᠭᠤᠯᠢ ᠵᠢᠨ ᠲᠠᠪᠤᠳᠤᠭ᠋ᠠᠷ ᠬᠤᠭᠤᠴᠠᠭ᠋ᠠᠨ᠎ᠤ 《ᠵᠠᠯᠠᠭᠤ ᠮᠠᠷᠺᠰ᠎ᠤᠨ ᠦᠵᠡᠯᠲᠡᠨ᠎ᠢ ᠬᠥᠮᠥᠵᠢᠭᠦᠯᠬᠦ ᠢᠨᠵᠧᠨᠧᠷᠢᠩ》 ᠵᠢᠴᠢ 《ᠰᠤᠷᠭ᠋ᠠᠭᠤᠯᠢ ᠵᠢᠨ ᠡᠪᠯᠡᠯ᠎ᠤᠨ ᠡᠭᠦᠷ ᠪᠣᠯᠤᠨ ᠰᠤᠷᠤᠭᠴᠢᠳ᠎ᠤᠨ ᠵᠦᠪᠯᠡᠯ᠎ᠤᠨ ᠠᠵᠢᠯ᠎ᠤᠨ ᠰᠤᠷᠤᠭᠴᠢ ᠵᠢᠨ ᠺᠠᠳ᠋ᠷ᠎ᠤᠨ ᠪᠡᠯᠡᠳᠭᠡᠯ ᠴᠢᠳᠠᠪᠤᠷᠢᠲᠠᠨ᠎ᠢ ᠪᠣᠯᠪᠠᠰᠤᠷᠠᠭᠤᠯᠬᠤ ᠠᠩᠭᠢ》 ᠵᠢᠨ ᠰᠤᠷᠤᠭᠴᠢᠳ᠎ᠲᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ᠃



      ᠸᠠᠩ ᠾᠥᠩ 《ᠦᠨᠡᠨ ᠶᠣᠰᠤ ᠰᠡᠷᠭᠦᠨ ᠮᠠᠨᠳᠤᠯᠲᠠ ᠵᠢᠨ ᠵᠠᠮ᠎ᠢ ᠭᠡᠷᠡᠯᠲᠦᠭᠦᠯᠦᠨ᠎ᠡ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ   ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ》 ᠭᠡᠬᠦ ᠰᠡᠳᠦᠪ ᠵᠶ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠦᠪᠡᠳᠡᠭᠰᠢ ᠪᠠᠶ᠋ᠢᠳᠠᠯ᠎ᠢ ᠡᠷᠭᠢᠴᠡᠭᠦᠯᠬᠦ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢ᠌ᠯᠠᠭ᠋ᠠᠬᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠵᠡᠷᠭᠡ ᠲᠦᠷᠪᠡᠨ ᠲᠠᠯ᠎ᠠ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠳᠤ ᠭᠦᠨᠵᠡᠭᠡᠢ ᠪᠥᠭᠡᠳ ᠰᠢᠰᠲ᠋ᠧᠮᠲᠡᠢ ᠲᠠᠶ᠋ᠢᠯᠤᠮᠵᠢ ᠬᠢᠵᠦ᠂ ᠰᠤᠷᠤᠭᠴᠢᠳ᠎ᠲᠤ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠎ᠠᠴᠠ ᠦᠨᠡᠨ ᠶᠣᠰᠣᠨ᠎ᠤ ᠭᠡᠷᠡᠯ ᠭᠢᠯᠪᠠᠭ᠎ᠠ ᠰᠠᠴᠤᠷᠠᠵᠤ ᠪᠠᠶ᠋ᠢᠬᠤ ᠵᠢ ᠬᠠᠷᠠᠭᠤᠯᠪᠠ᠃



      ᠸᠠᠩ ᠾᠥᠩ ᠥᠪᠡᠷ᠎ᠤᠨ ᠰᠤᠷᠤᠯᠴᠠᠭᠰᠠᠨ ᠣᠯᠤᠯᠲᠠ᠎ᠲᠠᠢ᠎ᠪᠠᠨ ᠤᠶᠠᠯᠳᠤᠭᠤᠯᠤᠨ᠂ ᠪᠠᠭᠰᠢ ᠰᠤᠷᠤᠭᠴᠢᠳ᠎ᠲᠠᠢ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠮᠵᠢᠯᠲᠠ ᠪᠦᠲᠦᠮᠵᠢ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶ᠋ᠢᠳᠠᠯ᠂ ᠰᠢᠨ᠎ᠡ ᠠᠶᠠᠯᠠᠯ᠎ᠳᠠᠬᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠱᠠᠭ᠋ᠠᠷᠳᠠᠯᠭ᠎ᠠ ᠵᠢ ᠬᠤᠪᠢᠶᠠᠯᠴᠠᠨ ᠡᠳ᠋ᠯᠡᠵᠦ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠠ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠡᠷᠭᠡ ᠲᠠᠯ᠎ᠠ᠎ᠪᠠᠷ ᠭᠦᠨᠵᠡᠭᠡᠢ ᠣᠢ᠌ᠯᠠᠭ᠋ᠠᠭᠤᠯᠪᠠ᠃ ᠰᠤᠷᠤᠭᠴᠢᠳ᠎ᠲᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠯᠭ᠎ᠠ ᠠᠮᠢᠳᠤᠷᠠᠯ ᠵᠡᠷᠭᠡ ᠡᠯ᠎ᠡ ᠲᠠᠯ᠎ᠠ᠎ᠳᠤ ᠲᠤᠭᠤᠰᠢᠯᠠᠭᠤᠯᠵᠤ᠂ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ᠂ ᠬᠦᠰᠡᠯ ᠡᠪᠦᠷᠯᠡᠵᠦ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠵᠦ ᠴᠢᠳᠠᠮᠠᠭ᠋ᠠᠢ ᠠᠵᠢᠯᠯᠠᠨ ᠦᠷ᠎ᠡ ᠪᠦᠲᠦᠮᠵᠢ ᠭᠠᠷᠭ᠋ᠠᠵᠤ᠂ ᠬᠦᠰᠡᠯᠡᠩ᠎ᠲᠠᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠠᠴᠠ ᠠᠶᠤᠬᠤ ᠦᠭᠡᠢ᠂ ᠵᠣᠷᠢᠭᠲᠠᠢ ᠲᠡᠮᠡᠴᠡᠬᠦ ᠰᠢᠨ᠎ᠡ ᠴᠠᠭ ᠦᠶ᠎ᠡ ᠵᠢᠨ ᠰᠠᠢ᠍ᠢ᠍ᠨ ᠵᠠᠯᠠᠭᠤᠴᠤᠳ᠎ᠢ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠭᠠᠯ ᠬᠠᠯᠠᠭᠤᠨ ᠦᠢ᠍ᠯᠡᠳᠦᠯᠭᠡ ᠵᠢᠨ ᠶᠠᠪᠤᠴᠠ᠎ᠳᠤ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠤᠭ᠋ᠠᠷᠠᠢ ᠭᠡᠵᠦ ᠬᠦᠰᠡᠪᠡ᠃



      ᠵᠠᠯᠭ᠋ᠠᠭ᠋ᠠᠳ᠂ ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠣᠯᠠᠨ ᠬᠡᠯᠪᠡᠷᠢ ᠵᠢᠨ᠂ ᠪᠦᠬᠦᠨ᠎ᠢ ᠬᠠᠮᠤᠷᠤᠭᠰᠠᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠪᠠᠷ ᠳᠠᠮᠵᠢᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠣᠳᠤᠷᠬᠠᠢ᠌ᠯᠠᠵᠤ᠂ ᠮᠡᠳᠡᠭᠦᠯᠵᠦ᠂ ᠪᠥᠬᠥ ᠰᠤᠷᠭ᠋ᠠᠭᠤᠯᠢ ᠵᠢᠨ ᠪᠠᠭᠰᠢ ᠰᠣᠷᠣᠭᠴᠢ᠎ᠳᠤ ᠣᠶ᠋ᠢᠯᠠᠭ᠋ᠠᠭᠤᠯᠵᠤ᠂ ᠴᠤᠤᠷᠢᠶᠠᠳᠤᠭᠤᠯᠵᠤ᠂ ᠨᠠᠶ᠋ᠢᠳᠠᠪᠤᠷᠢᠵᠢᠭᠤᠯᠵᠤ᠂ ᠪᠥᠬᠥ ᠪᠠᠭᠰᠢ ᠰᠤᠷᠤᠭᠴᠢ ᠵᠢ ᠳᠠᠶ᠋ᠢᠴᠢᠯᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠳᠡᠭᠡᠳᠦ ᠰᠤᠷᠭ᠋ᠠᠭᠤᠯᠢ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠨ᠎ᠠ᠃


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠥᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠭᠤᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠠᠮᠵᠢᠯᠲᠠ᠎ᠲᠠᠢ ᠡᠷᠭᠢᠯᠡᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠯᠧᠶ ᠹᠧᠩ᠎ᠠᠴᠠ ᠰᠤᠷᠤᠯᠴᠠᠬᠤ ᠠᠵᠢᠯᠯᠠᠭ᠎ᠠ — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ》᠎ᠤ ᠠᠵᠢᠯᠯᠠᠭ᠎ᠠ ᠵᠢ ᠥᠷᠨᠢᠭᠦᠯᠪᠡ
ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ (ᠬᠣᠶᠠᠷ) — ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠭᠠᠷ ᠬᠣᠯᠪᠣᠨ ᠬᠠᠮᠲᠤ᠎ᠳᠤ᠎ᠪᠠᠨ ᠰᠤᠷᠤᠯᠴᠠᠵᠤ ᠬᠠᠮᠲᠤ᠎ᠳᠤ᠎ᠪᠠᠨ ᠵᠦᠪᠯᠡᠪᠡ
 
             蒙ICP备05000248号