ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠪᠣᠷᠣᠲᠣᠬᠣᠶ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-02-03


     11 ᠰᠠᠷ᠎ᠠ ᠵᠢᠨ 18᠎ᠤ ᠦᠳᠡ ᠵᠢᠨ ᠬᠣᠶ᠋ᠢᠨ᠎ᠠ᠂ ᠪᠣᠷᠣᠲᠣᠬᠣᠢ ᠳᠡᠭᠡᠳᠦ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠬᠤᠷᠠᠯᠳᠤᠭᠤᠯᠪᠠ᠃ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠹᠸᠩ ᠬᠦᠬᠡ 《ᠰᠢᠨ᠎ᠡ ᠴᠠᠭ ᠦᠶ᠎ᠡ᠂ ᠰᠢᠨ᠎ᠡ ᠠᠶᠠᠯᠠᠯ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ ᠵᠢᠨ ᠲᠤᠩᠬᠠᠭ ᠪᠠ ᠠᠵᠢᠯᠯᠠᠭ᠋ᠠᠨ᠎ᠤ ᠬᠥᠲᠥᠯᠪᠦᠷᠢ》 ᠭᠡᠬᠦ ᠰᠡᠳᠦᠪ ᠵᠶ᠋ᠠᠷ ᠤᠬᠠᠭᠤᠯᠤᠨ ᠲᠠᠶ᠋ᠢᠯᠪᠤᠷᠢᠯᠠᠪᠠ᠃



      ᠹᠧᠩ ᠬᠦᠬᠡ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠲᠡᠦᠬᠡ ᠵᠢᠨ ᠣᠷᠣᠨ ᠪᠠᠶ᠋ᠢᠷᠢ ᠪᠣᠯᠤᠨ ᠭᠣᠣᠯ ᠰᠡᠳᠦᠪ》᠂ 《ᠥᠩᠭᠡᠷᠡᠭᠰᠡᠨ ᠲᠠᠪᠤᠨ ᠵᠢᠯ᠎ᠤᠨ ᠠᠵᠢᠯ ᠪᠣᠯᠤᠨ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ》᠂ 《ᠮᠠᠷᠺᠰ᠎ᠤᠨ ᠦᠵᠡᠯ᠎ᠢ ᠳᠤᠮᠳᠠᠳᠤ ᠣᠯᠣᠰᠴᠢᠯᠠᠬᠣ ᠴᠠᠭ ᠦᠶᠡᠴᠢᠯᠡᠬᠦ ᠰᠢᠨ᠎ᠡ ᠠᠬᠤᠢ ᠪᠠᠶ᠋ᠢᠳᠠᠯ᠎ᠢ ᠡᠭᠦᠳᠦᠶ᠎ᠡ》᠂ 《ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠠᠬᠢᠭᠤᠯᠤᠶ᠎ᠠ》᠂ 《ᠠᠷᠪᠠᠨ ᠬᠣᠶᠠᠷ ᠲᠠᠯ᠎ᠠ ᠵᠢᠨ ᠭᠣᠣᠯᠳᠠᠯᠭ᠎ᠠ᠎ᠲᠠᠢ ᠠᠵᠢᠯ》᠂ 《ᠠᠭᠤᠤ ᠶᠡᠬᠡ ᠥᠪᠡᠷ ᠪᠡᠶ᠎ᠡ᠎ᠳᠤ᠎ᠪᠠᠨ ᠬᠤᠪᠢᠰᠬᠠᠯ ᠬᠢᠬᠦ᠎ᠪᠠᠷ ᠠᠭᠤᠤ ᠶᠡᠬᠡ ᠨᠡᠶ᠋ᠢᠭᠡᠮ᠎ᠤᠨ ᠬᠤᠪᠢᠰᠬᠠᠯ᠎ᠢ ᠬᠦᠲᠦᠯᠦᠨ ᠳᠠᠭ᠋ᠠᠭᠤᠯᠬᠤ ᠴᠢᠬᠤᠯᠠ ᠱᠠᠭ᠋ᠠᠷᠳᠠᠯᠭ᠎ᠠ ᠵᠢ ᠪᠠᠲᠤ ᠡᠵᠡᠮᠳᠡᠶ᠎ᠡ》᠂ 《ᠪᠦᠯᠬᠦᠮᠳᠡᠨ ᠲᠡᠮᠡᠴᠡᠬᠦ ᠴᠠᠭ ᠦᠶ᠎ᠡ ᠵᠢᠨ ᠱᠠᠭ᠋ᠠᠷᠳᠠᠯᠭ᠎ᠠ ᠵᠢ ᠪᠠᠲᠤ ᠡᠵᠡᠮᠳᠡᠶ᠎ᠡ》᠂ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠣᠷᠣᠲᠣᠬᠣᠢ ᠳᠡᠭᠡᠳᠦ ᠰᠤᠷᠭ᠋ᠠᠭᠤᠯᠢ᠎ᠳᠤ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠴᠡᠴᠡᠭᠯᠡᠨ ᠵᠢᠮᠢᠰᠯᠡᠭᠦᠯᠦᠶ᠎ᠡ》 ᠵᠡᠷᠭᠡ ᠨᠠᠢ᠍ᠮᠠᠨ ᠲᠠᠯ᠎ᠠ᠎ᠠᠴᠠ ᠤᠬᠠᠭᠤᠯᠤᠨ ᠲᠠᠢ᠌ᠯᠪᠤᠷᠢᠯᠠᠵᠤ᠂ ᠪᠦᠬᠦ ᠬᠣᠷᠢᠶᠠᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ᠎ᠳᠤ ᠤᠨᠤᠯ᠎ᠤᠨ ᠵᠢᠯᠤᠭᠤᠳᠤᠯᠭ᠎ᠠ ᠬᠠᠩᠭ᠋ᠠᠪᠠ᠃
      ᠬᠤᠷᠠᠯ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠮᠣᠷᠳᠠᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠵᠠᠩᠭᠢᠯᠠᠭ᠎ᠠ ᠵᠢᠨ ᠴᠠᠭ ᠦᠶ᠎ᠡ᠎ᠳᠤ ᠬᠤᠷᠠᠯᠳᠤᠭᠤᠯᠤᠭᠰᠠᠨ ᠨᠢᠭᠡ ᠤᠳᠠᠭ᠋ᠠᠨ᠎ᠤ ᠲᠤᠶ᠋ᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠤᠯᠤᠰ᠎ᠤᠨ ᠭᠠᠳᠠᠭ᠋ᠠᠳᠤ ᠳᠣᠲᠣᠭ᠋ᠠᠳᠤ ᠵᠢᠨ ᠪᠠᠶ᠋ᠢᠳᠠᠯ᠎ᠢ ᠭᠦᠨᠵᠡᠭᠡᠢ ᠵᠠᠳᠠᠯᠤᠨ᠂ ᠥᠩᠭᠡᠷᠡᠭᠰᠡᠨ ᠲᠠᠪᠤᠨ ᠵᠢᠯ᠎ᠤᠨ ᠠᠵᠢᠯ ᠪᠠ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ ᠵᠢ ᠪᠦᠬᠦ ᠲᠠᠯ᠎ᠠ᠎ᠪᠠᠷ ᠡᠷᠭᠢᠴᠡᠭᠦᠯᠦᠨ ᠳ᠋ᠦᠩᠨᠡᠵᠦ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠬᠣᠯᠪᠣᠭᠳᠠᠬᠤ ᠠᠯᠢ ᠣᠯᠠᠨ ᠴᠢᠬᠤᠯᠠ ᠶᠡᠬᠡ ᠣᠨᠣᠯ ᠪᠠ ᠦᠢ᠍ᠯᠡᠳᠦᠯᠭᠡ ᠵᠢᠨ ᠠᠰᠠᠭᠤᠳᠠᠯ᠎ᠢ ᠭᠦᠨᠵᠡᠭᠡᠶ ᠲᠣᠳᠣᠷᠬᠠᠶ᠋ᠢᠯᠠᠨ ᠦᠭᠦᠯᠡᠵᠦ᠂ ᠠᠯᠢ ᠣᠯᠠᠨ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ᠂ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠂ ᠴᠢᠬᠤᠯᠠ ᠶᠡᠬᠡ ᠠᠷᠭ᠎ᠠ ᠬᠡᠮᠵᠢᠶ᠎ᠡ ᠵᠢ ᠳᠤᠷᠠᠳᠤᠨ᠂ ᠬᠣᠶ᠋ᠢᠰᠢᠳᠠ ᠵᠢᠨ ᠲᠠᠪᠤᠨ ᠵᠢᠯ ᠴᠠᠭ᠋ᠠᠰᠢᠯᠠᠪᠠᠯ ᠨᠡᠩ ᠤᠷᠳᠤ ᠬᠤᠭᠤᠴᠠᠭ᠋ᠠᠨ᠎ᠤ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠤᠬᠠᠢ ᠦᠨᠳᠦᠰᠦᠨ ᠪᠤᠳᠤᠯᠭ᠎ᠠ ᠪᠠ ᠴᠢᠭᠯᠡᠯᠲᠡ ᠵᠢ ᠳᠣᠭᠲᠠᠭ᠋ᠠᠨ᠂ ᠪᠦᠬᠦ ᠲᠠᠯ᠎ᠠ᠎ᠪᠠᠷ ᠪᠠᠢ᠌ᠷᠢᠯᠠᠭᠤᠯᠵᠤ᠂ ᠨᠠᠮ᠎ᠤᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨ᠎ᠡ ᠢᠯᠠᠯᠲᠠ ᠵᠢ ᠲᠡᠮᠡᠴᠡᠨ ᠤᠯᠬᠤ ᠤᠯᠤᠰ ᠲᠦᠷᠦ ᠵᠢᠨ ᠲᠤᠩᠬᠠᠭ᠂ ᠮᠠᠷᠺᠰ᠎ᠤᠨ ᠦᠵᠡᠯ᠎ᠤᠨ ᠬᠥᠲᠥᠯᠪᠦᠷᠢ ᠵᠢᠨ ᠴᠢᠨᠠᠷᠲᠠᠶ ᠲᠤᠯᠭᠤᠷ ᠪᠢᠴᠢᠭ ᠪᠠᠢ᠌ᠵᠤ᠂ ᠰᠢᠨ᠎ᠡ ᠴᠠᠭ ᠦᠶ᠎ᠡ ᠰᠢᠨ᠎ᠡ ᠠᠶᠠᠯᠠᠯ᠎ᠳᠤ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠯᠥᠭᠡ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠤᠷᠤᠭᠰᠢᠯᠠᠯᠲᠠ ᠵᠢᠨ ᠴᠢᠭᠯᠡᠯ᠎ᠢ ᠲᠣᠳᠤᠷᠬᠠᠢ᠌ᠯᠠᠨ᠂ ᠠᠵᠢᠯᠯᠠᠭ᠋ᠠᠨ᠎ᠤ ᠵᠦᠭᠯᠡᠭᠦᠷ᠎ᠢ ᠲᠣᠭᠲᠠᠭ᠋ᠠᠪᠠ ᠭᠡᠵᠦ ᠵᠢᠭ᠋ᠠᠵᠤ ᠭᠠᠷᠭ᠋ᠠᠵᠠᠢ᠃
      ᠬᠤᠷᠠᠯ᠎ᠠᠴᠠ᠂ ᠳᠡᠭᠡᠳᠦ ᠰᠤᠷᠭ᠋ᠠᠭᠤᠯᠢ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ᠎ᠪᠠᠨ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠠᠬᠢᠭᠤᠯᠤᠨ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠋ᠠᠨ᠎ᠤ ᠲᠠᠯ᠎ᠠ᠎ᠪᠠᠷ 《ᠬᠣᠶᠠᠷ᠎ᠢ ᠳᠣᠭᠲᠠᠭ᠋ᠠᠭᠰᠠᠨ》᠎ᠢ ᠨᠠᠩ ᠤᠬᠠᠮᠰᠠᠷ᠎ᠠᠴᠠ᠎ᠪᠠᠨ ᠨᠠᠩ ᠰᠠᠨᠠᠭ᠋ᠠᠴᠢᠯᠠᠭ᠎ᠠ᠎ᠠᠴᠠ᠎ᠪᠠᠨ ᠬᠦᠷᠢᠶᠡᠯᠡᠵᠦ᠂ 《ᠳᠥᠷᠪᠡᠨ ᠤᠬᠠᠮᠰᠠᠷ》᠎ᠢ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠦᠭᠡ ᠴᠢᠳᠠᠪᠤᠷᠢᠲᠠᠨ᠎ᠢ ᠬᠥᠮᠦᠵᠢᠭᠦᠯᠬᠦ ᠵᠢ ᠪᠠᠷᠢᠮᠲᠠᠯᠠᠨ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠠᠭ᠋ᠠᠰᠢᠲᠠ ᠠᠬᠢᠭᠤᠯᠵᠤ ᠦᠷ᠎ᠡ ᠪᠦᠲᠦᠮᠵᠢ ᠭᠠᠷᠭ᠋ᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠴᠠᠭ᠋ᠠᠰᠢᠲᠠ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃



      ᠬᠤᠷᠠᠯ᠎ᠠᠴᠠ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠰᠤᠷᠭ᠋ᠠᠭᠤᠯᠢ ᠡᠷᠬᠢᠯᠡᠬᠦ ᠵᠥᠪ ᠤᠯᠤᠰ ᠲᠦᠷᠦ ᠵᠢᠨ ᠴᠢᠭᠯᠡᠯ᠎ᠢ ᠡᠷᠡᠰ ᠪᠠᠲᠤ ᠡᠵᠡᠮᠳᠡᠵᠦ᠂ ᠡᠷᠡᠰ ᠭᠤᠶ᠋ᠢᠪᠢᠰᠢ ᠦᠭᠡᠢ᠎ᠪᠠᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠵᠤ ᠬᠥᠮᠦᠨ᠎ᠢ ᠬᠥᠮᠦᠵᠢᠭᠦᠯᠬᠦ ᠬᠡᠷᠡᠭᠲᠡᠢ᠃ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠪᠣᠶ᠋ᠢᠵᠢᠭᠤᠯᠤᠨ ᠦᠢ᠍ᠯᠡᠳᠦᠯᠭᠡᠵᠢᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠬᠡᠷᠡᠭᠲᠡᠢ᠃ ᠲᠡᠷᠢᠭᠦᠨ᠎ᠤ ᠪᠠᠭᠰᠢ ᠵᠢ ᠬᠦᠴᠦᠯᠡᠨ ᠪᠣᠢ ᠪᠣᠯᠭ᠋ᠠᠵᠤ᠂ ᠪᠠᠭᠰᠢ ᠵᠢᠨ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠨᠢᠭᠡᠳᠦᠭᠡᠷ ᠲᠤᠰᠢᠶᠠᠯ ᠬᠠᠷᠢᠭᠤᠴᠠᠯᠭ᠎ᠠ ᠪᠣᠯᠤᠨ ᠪᠠᠭᠰᠢ ᠵᠢᠨ ᠮᠣᠷᠠᠯ ᠰᠤᠷᠲᠠᠯ᠎ᠤᠨ ᠨᠢᠭᠡᠳᠦᠭᠡᠷ ᠪᠠᠷᠢᠮᠵᠢᠶ᠎ᠠ ᠵᠢ ᠴᠢᠩᠭ᠋ᠠᠳᠬᠠᠵᠤ᠂ ᠬᠥᠲᠥᠯᠥᠨ ᠳᠠᠭ᠋ᠠᠭᠤᠯᠬᠤ ᠪᠠ ᠬᠥᠮᠦᠵᠢᠭᠦᠯᠬᠦ ᠵᠢ ᠤᠶᠠᠯᠳᠤᠭᠤᠯᠬᠤ ᠵᠢ ᠪᠠᠷᠢᠮᠲᠠᠯᠠᠨ᠂ ᠥᠨᠳᠥᠷ ᠲᠦᠪᠰᠢᠨᠲᠦ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠲᠠᠪᠤᠨ ᠬᠥᠮᠦᠵᠢᠯ᠎ᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠵᠣᠬᠢᠴᠠᠬᠤ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠢ᠃ ᠬᠥᠮᠦᠨ᠎ᠢ ᠬᠥᠮᠦᠵᠢᠭᠦᠯᠬᠦ ᠠᠷᠭ᠎ᠠ ᠬᠡᠯᠪᠡᠷᠢ᠂ ᠰᠤᠷᠭ᠋ᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠵᠢᠨ   ᠪᠠᠢ᠌ᠭᠤᠯᠤᠯ ᠪᠠ ᠪᠠᠲᠤᠯᠠᠭ᠋ᠠᠨ᠎ᠤ ᠲᠣᠭᠲᠠᠴᠠ ᠵᠢᠨ ᠥᠭᠡᠷᠡᠴᠢᠯᠡᠯᠲᠡ ᠵᠢ ᠰᠢᠰᠲ᠋ᠧᠮᠲᠡᠢ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠬᠡᠷᠡᠭᠴᠡᠭᠡ᠎ᠳᠤ ᠴᠢᠨᠠᠷᠯᠢᠭ ᠬᠠᠷᠢᠭᠤᠯᠲᠠ ᠥᠭᠴᠦ᠂ ᠥᠪᠡᠷ᠎ᠤᠨ ᠳᠠᠪᠠᠭᠤᠯᠢᠭ ᠣᠨᠴᠠᠯᠢᠭ ᠵᠶ᠋ᠠᠷ ᠵᠶ᠋ᠠᠨ ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠪᠠ ᠡᠬᠢ ᠪᠠᠶᠠᠯᠢᠭ᠎ᠢ ᠲᠣᠬᠢᠷᠠᠭᠤᠯᠬᠤ ᠵᠢ ᠤᠯᠠᠮ ᠴᠠᠭ᠋ᠠᠰᠢᠲᠠ ᠴᠢᠩᠭ᠋ᠠᠳᠬᠠᠵᠤ᠂ ᠣᠯᠠᠨ ᠠᠷᠭ᠎ᠠ ᠵᠠᠮ ᠵᠶ᠋ᠠᠷ ᠳᠡᠮᠵᠢᠬᠦ ᠡᠷᠴᠢᠮ ᠵᠶ᠋ᠠᠨ ᠪᠡᠬᠢᠵᠢᠭᠦᠯᠦᠨ ᠥᠷᠭᠡᠳᠬᠡᠵᠦ᠂ ᠳᠡᠭᠡᠳᠦ ᠰᠤᠷᠭ᠋ᠠᠭᠤᠯᠢ ᠵᠢᠨ ᠴᠢᠨᠠᠷᠯᠢᠭ ᠥᠪᠡᠷᠮᠢᠴᠡ ᠣᠨᠴᠠᠯᠢᠭᠲᠤ ᠬᠡᠷᠡᠭᠯᠡᠭᠡᠨ᠎ᠤ ᠬᠡᠯᠪᠡᠷᠢᠲᠦ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠠᠬᠢᠴᠠ ᠵᠢ ᠴᠢᠷᠮᠠᠶ᠋ᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠵᠠᠯᠠᠭᠤᠴᠤᠳ᠎ᠤᠨ ᠠᠵᠢᠯ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠦᠢ᠍ᠯᠡᠰ᠎ᠤᠨ ᠶᠡᠬᠡ ᠪᠠᠢ᠌ᠷᠢᠰᠢᠯᠠᠭᠤᠯᠤᠯᠲᠠ᠎ᠳᠠᠬᠢ ᠪᠦᠲᠦᠴᠡ᠂ ᠣᠷᠣᠨ ᠪᠠᠶ᠋ᠢᠷᠢ ᠪᠠ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠯᠠᠭᠤᠴᠤᠳ᠎ᠤᠨ ᠠᠵᠢᠯ᠎ᠤᠨ ᠰᠢᠨ᠎ᠡ ᠴᠠᠮᠬᠠᠭ᠎ᠢ ᠲᠣᠳᠣᠷᠬᠠᠢ ᠢᠯᠡᠳᠬᠡᠵᠦ᠂ ᠮᠠᠷᠺᠰ᠎ᠤᠨ ᠦᠵᠡᠯ᠎ᠤᠨ ᠲᠦᠷᠦ ᠵᠢᠨ ᠨᠠᠮ᠎ᠤᠨ ᠵᠠᠯᠠᠭᠤᠴᠤᠳ᠎ᠤᠨ ᠠᠵᠢᠯ᠎ᠤᠨ ᠮᠥᠨ ᠴᠢᠨᠠᠷ ᠪᠠ ᠵᠢᠮ᠎ᠡ ᠶᠣᠰᠣᠨ᠎ᠤ ᠲᠤᠬᠠᠢ ᠲᠠᠨᠢᠯᠲᠠ ᠵᠢ ᠲᠤᠶ᠋ᠢᠯ᠎ᠤᠨ ᠶᠡᠬᠡ᠎ᠪᠠᠷ ᠥᠷᠭᠡᠳᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠪᠠᠶᠠᠯᠢᠭᠵᠢᠭᠤᠯᠤᠨ ᠬᠥᠭᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠯᠠᠯ᠎ᠳᠠᠬᠢ ᠨᠠᠮ᠎ᠤᠨ ᠵᠠᠯᠠᠭᠤᠴᠤᠳ᠎ᠤᠨ ᠠᠵᠢᠯ᠎ᠤᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ ᠵᠢᠨ ᠵᠠᠯᠠᠭᠤ ᠰᠤᠷᠤᠭᠴᠢᠳ᠎ᠢ ᠴᠠᠭ ᠦᠶ᠎ᠡ ᠵᠢᠨ ᠭᠣᠣᠯ ᠰᠡᠳᠦᠪ᠎ᠲᠠᠢ ᠨᠢᠭᠡ ᠰᠡᠳᠬᠢᠯ ᠨᠢᠭᠡ ᠴᠢᠭᠯᠡᠯ᠎ᠤᠨ ᠬᠦᠰᠡᠯᠡᠩ ᠢᠲᠡᠭᠡᠯ ᠪᠢᠰᠢᠷᠡᠯ᠎ᠢ ᠬᠡᠬᠦᠳᠡᠭ ᠴᠡᠭᠡᠵᠢᠨ᠎ᠳᠤ᠎ᠪᠠᠨ ᠡᠪᠦᠷᠯᠡᠵᠦ᠂ 《ᠤᠯᠤᠰ᠎ᠤᠨ ᠶᠡᠬᠡ ᠶᠠᠪᠤᠳᠠᠯ》᠎ᠢ ᠬᠡᠭᠦᠳᠡᠭ ᠴᠡᠭᠡᠵᠢᠨ᠎ᠳᠤ᠎ᠪᠠᠨ ᠪᠠᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠡᠭᠦᠷᠭᠡ᠎ᠪᠠᠨ ᠪᠣᠯᠭ᠋ᠠᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠠᠶᠠᠯᠠᠯ᠎ᠳᠤ ᠬᠦᠰᠡᠯ ᠵᠣᠷᠢᠭ ᠵᠶ᠋ᠠᠨ ᠢᠯᠡᠷᠡᠭᠦᠯᠵᠦ᠂ ᠭᠠᠪᠢᠶ᠎ᠠ ᠪᠠᠶ᠋ᠢᠭᠤᠯᠤᠨ ᠦᠢ᠍ᠯᠡᠰ ᠪᠤᠰᠬᠠᠵᠤ᠂ 《ᠨᠠᠮ ᠨᠠᠮ ᠮᠢᠨᠢ ᠰᠠᠨᠠᠭ᠎ᠠ ᠠᠮᠤᠷ ᠪᠠᠢ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠣᠢ》 ᠭᠡᠬᠦ ᠵᠠᠯᠠᠭᠤ ᠨᠠᠰᠤᠨ᠎ᠤ ᠲᠠᠩᠭ᠋ᠠᠷᠢᠭ ᠵᠶ᠋ᠠᠨ ᠪᠣᠳᠠᠲᠤ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠭᠦᠯᠬᠦ᠎ᠪᠠᠷ   ᠬᠥᠮᠥᠵᠢᠭᠦᠯᠦᠨ ᠵᠢᠯᠣᠭᠣᠳᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠷᠭ᠋ᠠᠭᠤᠯᠢ ᠵᠢᠨ ᠬᠦᠷᠢᠶᠡᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠡᠬᠢᠯᠡᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠸᠠᠨ ᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠥᠵᠢᠯ᠎ᠤᠨ ᠠᠵᠢᠯᠯᠠᠭ᠎ᠠ — ᠵᠠᠯᠠᠨ ᠠᠢ᠌ᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ ᠰᠤᠷᠤᠭᠴᠢᠳ᠎ᠤᠨ ᠳᠤᠮᠲᠠ ᠭᠦᠨᠵᠡᠭᠡᠢ᠌ᠷᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠠᠯᠠᠱ᠌ᠠ ᠠᠶ᠋ᠢᠮᠠᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠥᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠭᠤᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠠᠮᠵᠢᠯᠲᠠ᠎ᠲᠠᠢ ᠡᠷᠭᠢᠯᠡᠪᠡ
 
             蒙ICP备05000248号