
3 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠰᠤᠷᠭ᠋ᠠᠨ ᠬᠥᠮᠦᠵᠢᠯ ᠪᠠ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠲᠥᠪ᠎ᠲᠠᠢ ᠬᠠᠮᠲᠤᠷᠠᠨ ᠯᠸᠢ ᠹᠧᠩ᠎ᠤᠨ ᠵᠣᠷᠢᠭ ᠰᠠᠨᠠᠭ᠎ᠠ ᠵᠢ ᠬᠠᠮᠲᠤ᠎ᠳᠤ᠎ᠪᠠᠨ ᠰᠤᠷᠤᠯᠴᠠᠵᠤ ᠬᠠᠮᠲᠤ᠎ᠳᠤ᠎ᠪᠠᠨ ᠵᠥᠪᠯᠡᠬᠦ ᠠᠵᠢᠯᠯᠠᠭ᠎ᠠ ᠵᠢ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠠᠯᠠᠭᠤᠴᠤᠳ᠎ᠤᠨ ᠣᠨᠣᠯ᠎ᠤᠨ ᠳᠤᠭᠤᠶ᠋ᠢᠯᠠᠩ᠎ᠤᠨ ᠬᠡᠰᠢᠭᠦᠨ᠂ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ ᠺᠠᠳ᠋ᠷ ᠠᠵᠢᠯᠲᠠᠳ᠎ᠲᠠᠢ ᠬᠠᠮᠲᠤ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠎ᠳᠤ ᠬᠦᠷᠴᠦ᠂ ᠰᠢᠨ᠎ᠡ ᠴᠠᠭ ᠦᠶ᠎ᠡ᠎ᠳᠤ ᠶᠠᠭ᠋ᠠᠬᠢᠵᠤ ᠲᠤᠬᠠᠶ᠋ᠢᠯᠠᠭᠰᠠᠨ ᠠᠵᠢᠯ᠎ᠳᠤ᠎ᠪᠠᠨ ᠰᠠᠭᠤᠷᠢᠯᠠᠨ᠂ ᠯᠸᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠬᠤ ᠲᠣᠭᠣᠷᠢᠨ᠎ᠳᠤ ᠲᠣᠭᠣᠷᠢᠨ ᠦᠵᠡᠵᠦ ᠰᠠᠨᠠᠯ ᠵᠶ᠋ᠠᠨ ᠰᠣᠯᠢᠯᠴᠠᠪᠠ᠃

ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ ᠬᠥᠮᠦᠵᠢᠯ ᠤᠬᠠᠭᠤᠯᠭ᠎ᠠ ᠵᠢᠨ ᠴᠢᠬᠤᠯᠠ ᠵᠢᠭᠰᠠᠭ᠋ᠠᠯ᠎ᠤᠨ ᠭᠠᠵᠠᠷ ᠪᠣᠯᠤᠭᠰᠠᠨ᠎ᠤ ᠬᠤᠪᠢ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠎ᠨᠢ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠮᠦᠵᠢᠯ᠎ᠢ ᠴᠢᠩᠭ᠋ᠠᠳᠬᠠᠬᠤ᠎ᠳᠤ ᠴᠢᠬᠤᠯᠠ ᠦᠢ᠍ᠯᠡᠳᠦᠯ ᠦᠵᠡᠭᠦᠯᠵᠦ ᠪᠣᠢ᠃ ᠲᠣᠭᠣᠷᠢᠨ ᠦᠵᠡᠬᠦ᠎ᠳᠤ᠎ᠪᠠᠨ᠂ ᠣᠯᠠᠨ ᠵᠶ᠋ᠠᠷ ᠵᠶ᠋ᠠᠨ ᠲᠠᠢ᠌ᠯᠪᠤᠷᠢᠯᠠᠬᠤ ᠵᠢ ᠰᠡᠳᠬᠢᠯ ᠲᠠᠯᠪᠢᠨ ᠰᠣᠨᠣᠰᠴᠤ᠂ ᠨᠠᠮ᠎ᠤᠨ ᠤᠳᠤᠷᠢᠳᠤᠯᠭ᠎ᠠ ᠳᠣᠣᠷ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠬᠥᠭᠵᠢᠭᠦᠯᠬᠦ ᠶᠠᠪᠤᠴᠠ᠎ᠳᠤ ᠣᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠠᠶᠠᠯᠠᠯ᠎ᠳᠤ ᠳᠠᠪᠰᠢᠨ ᠤᠷᠤᠭᠰᠠᠨ᠎ᠢ ᠡᠷᠭᠢᠴᠡᠭᠦᠯᠦᠭᠰᠡᠨᠤ ᠬᠠᠮᠲᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠯᠠᠭᠤᠯᠤᠭᠰᠠᠨ ᠭᠦᠨ ᠭᠦᠨᠵᠡᠭᠡᠶ ᠤᠳᠬ᠎ᠠ ᠠᠭᠤᠯᠭ᠎ᠠ ᠵᠢ ᠤᠯᠠᠮ ᠨᠢᠭᠡ ᠠᠯᠬᠤᠮ ᠪᠡᠶᠡᠴᠢᠯᠡᠨ ᠣᠶ᠋ᠢᠯᠠᠭ᠋ᠠᠪᠠ᠃
ᠯᠧᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠰᠢᠨ᠎ᠡ ᠰᠢᠪᠲᠤᠯᠤᠯᠲᠠ᠎ᠲᠠᠢ ᠪᠣᠯᠭ᠋ᠠᠬᠤ ᠵᠢ ᠶᠠᠭ᠋ᠠᠬᠢᠵᠤ ᠠᠬᠢᠭᠤᠯᠬᠤ ᠲᠤᠬᠠᠶ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠺᠠᠳ᠋ᠷ ᠠᠵᠢᠯᠲᠠᠨ ᠰᠣᠯᠢᠯᠴᠠᠭ᠋ᠠᠨ᠎ᠤ ᠶᠠᠪᠤᠴᠠ᠎ᠳᠤ ᠥᠪᠡᠷ ᠥᠪᠡᠷ᠎ᠤᠨ ᠲᠤᠬᠠᠶ᠋ᠢᠯᠠᠭᠰᠠᠨ ᠠᠵᠢᠯ᠎ᠤᠨ ᠪᠣᠳᠠᠲᠤ ᠪᠠᠶ᠋ᠢᠳᠠᠯ᠎ᠳᠤ᠎ᠪᠠᠨ ᠰᠠᠭᠤᠷᠢᠯᠠᠨ ᠲᠤᠰ ᠲᠤᠰ ᠦᠭᠡ ᠬᠡᠯᠡᠪᠡ᠃ ᠣᠨᠴᠠᠭ᠋ᠠᠢ᠌ᠯᠠᠨ ᠲᠠᠪᠤᠳᠤᠭ᠋ᠠᠷ ᠪᠦᠯᠦᠭ᠎ᠤᠨ ᠪᠥᠬᠥ ᠤᠯᠤᠰ᠎ᠤᠨ ᠯᠧᠢ ᠹᠧᠩ᠎ᠠᠴᠠ ᠰᠤᠷᠤᠯᠴᠠᠬᠤ ᠠᠵᠢᠯᠯᠠᠭ᠋ᠠᠨ᠎ᠤ ᠳᠠᠭᠤᠷᠢᠶᠠᠯ ᠦᠵᠡᠭᠦᠯᠬᠦ ᠴᠡᠭ ᠪᠣᠯᠤᠭᠰᠠᠨ᠎ᠤ ᠬᠤᠪᠢ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠪᠠᠷ ᠯᠧᠢ ᠹᠧᠩ᠎ᠤᠨ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠦᠭᠰᠡᠨ ᠪᠣᠳᠠᠲᠤ ᠦᠢ᠍ᠯᠡᠳᠦᠯᠭᠡ ᠵᠢ ᠣᠯᠠᠨ ᠵᠶ᠋ᠠᠷ ᠵᠶ᠋ᠠᠨ ᠴᠤᠤᠷᠢᠶᠠᠳᠤᠨ ᠳᠠᠭ᠋ᠠᠪᠠ᠃

ᠣᠯᠠᠨ ᠵᠶ᠋ᠠᠷ ᠵᠶ᠋ᠠᠨ ᠡᠨᠡ ᠤᠳᠠᠭ᠋ᠠᠨ᠎ᠤ ᠠᠵᠢᠯᠯᠠᠭ᠎ᠠ᠎ᠪᠠᠷ ᠲᠣᠬᠢᠶᠠᠯ ᠪᠣᠯᠭ᠋ᠠᠨ᠂ ᠯᠧᠶ ᠹᠧᠩ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠪᠣᠳᠠᠲᠠᠶ ᠠᠵᠢᠯ᠎ᠤᠨ ᠶᠠᠪᠤᠴᠠ᠎ᠳᠤ ᠬᠠᠷᠢᠯᠴᠠᠭ᠎ᠠ᠎ᠪᠠᠨ ᠴᠢᠩᠭ᠋ᠠᠳᠬᠠᠨ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠂ ᠴᠢᠳᠠᠪᠤᠷᠢᠲᠠᠨ᠎ᠤ ᠡᠬᠢ ᠪᠠᠶᠠᠯᠢᠭ᠎ᠤᠨ ᠡᠷᠴᠢᠮᠲᠡᠶ ᠬᠠᠮᠵᠢᠯᠴᠠᠭ᠎ᠠ ᠵᠢ ᠠᠬᠢᠭᠤᠯᠵᠤ᠂ ᠪᠦᠬᠦ ᠣᠷᠣᠨ᠎ᠤ ᠣᠳᠣᠬᠢᠴᠢᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠶᠡᠬᠡ ᠲᠠᠯ᠎ᠠ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠡᠭᠡᠪᠡ᠃