ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ (ᠭᠤᠷᠪᠠ) — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠣᠯᠪᠤᠭ᠋ᠠᠯᠠᠨ ᠳᠠᠭ᠋ᠠᠭ᠋ᠠᠴᠢᠯᠠᠭᠰᠠᠨ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠪᠡ
ᠨᠡᠶ᠋ᠢᠲᠡᠯᠡᠭᠰᠡᠨ ᠴᠠᠭ᠄ 2023-03-22


      ᠡᠨᠡ ᠵᠢᠯ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ ᠯᠧᠢ ᠹᠧᠩ ᠨᠥᠬᠥᠷ᠎ᠲᠤ ᠪᠢᠴᠢᠭᠡᠰᠦ ᠪᠢᠴᠢᠵᠦ ᠥᠭᠭᠦᠭᠰᠡᠨ 60 ᠵᠢᠯ᠎ᠤᠨ ᠣᠶ ᠪᠣᠯᠤᠨ᠎ᠠ᠂ ᠯᠧᠢ ᠹᠧᠩ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠯᠧᠢ ᠹᠧᠩ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠠᠭᠤᠯᠤᠭᠳᠠᠬᠤᠨ᠎ᠢ ᠡᠵᠡᠮᠰᠢᠬᠦ ᠵᠢᠨ ᠲᠥᠯᠥᠭᠡ᠂ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠣᠷᠢᠶᠠᠨ᠎ᠤ ᠨᠢᠭᠡᠳᠦᠯᠲᠡᠶ ᠠᠵᠢᠯ᠎ᠤᠨ ᠲᠣᠬᠢᠷᠠᠭᠤᠯᠤᠯᠲᠠ ᠶᠣᠰᠤ᠎ᠪᠠᠷ 3 ᠰᠠᠷ᠎ᠠ ᠵᠢᠨ 20᠎ᠤ ᠡᠳᠦᠷ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠬᠣᠯᠪᠤᠭ᠋ᠠᠯᠠᠨ ᠳᠠᠭ᠋ᠠᠭ᠋ᠠᠴᠢᠯᠠᠭᠰᠠᠨ ᠨᠡᠶ᠋ᠢᠭᠡᠮ ᠲᠣᠭᠣᠷᠢᠭ᠎ᠤᠨ ᠪᠠᠷᠠᠭᠤᠨ ᠵᠡᠭᠡᠯᠢ ᠭᠤᠳᠤᠮᠵᠢ ᠵᠢᠨ ᠰᠢ ᠯᠦᠸᠧ ᠹᠧᠩ ᠵᠡᠭᠡᠯᠢ ᠵᠢᠨ ᠨᠡᠶ᠋ᠢᠭᠡᠮ ᠲᠣᠭᠣᠷᠢᠭ᠎ᠲᠤ 《ᠪᠢ ᠣᠯᠠᠨ ᠲᠦᠮᠡᠨ᠎ᠳᠤ ᠪᠣᠳᠠᠲᠤ ᠠᠵᠢᠯ ᠬᠢᠵᠦ ᠥᠭᠭᠦᠨ᠎ᠡ》 ᠭᠡᠬᠦ ᠠᠵᠢᠯᠯᠠᠭ᠎ᠠ ᠪᠠ 《ᠯᠧᠢ ᠹᠧᠩ᠎ᠠᠴᠠ ᠰᠤᠷᠤᠯᠴᠠᠬᠤ》 ᠠᠵᠢᠯᠯᠠᠭ᠎ᠠ ᠵᠢ ᠥᠷᠨᠢᠭᠦᠯᠵᠦ᠂ ᠣᠷᠣᠨ᠎ᠤ ᠲᠥᠪ᠎ᠤᠨ ᠪᠣᠯᠪᠠᠰᠤᠨ ᠬᠣᠲᠠ ᠵᠢ ᠡᠭᠦᠳᠬᠦ᠎ᠳᠤ ᠬᠦᠴᠦᠨ ᠨᠡᠮᠡᠷᠢᠯᠡᠪᠡ᠃



      ᠠᠵᠢᠯᠯᠠᠭ᠎ᠠ᠎ᠳᠤ᠂ ᠰᠠᠶ᠋ᠢᠨ ᠳᠤᠷᠠᠴᠤᠤᠯ ᠬᠡᠳᠦᠨ ᠳᠤᠭᠤᠶ᠋ᠢᠯᠠᠩ ᠬᠤᠪᠢᠶᠠᠵᠤ᠂ ᠨᠡᠶ᠋ᠢᠭᠡᠮ ᠲᠣᠭᠣᠷᠢᠭ᠎ᠤᠨ ᠠᠰᠠᠷ ᠪᠣᠯᠤᠨ ᠣᠯᠠᠨ ᠨᠡᠶ᠋ᠢᠲᠡ ᠵᠢᠨ ᠣᠷᠣᠨ ᠪᠦᠰᠡ᠎ᠳᠤ ᠠᠰᠠᠷ᠎ᠤᠨ ᠬᠣᠩᠬᠢᠯ᠎ᠤᠨ ᠰᠢᠯ᠂ ᠠᠰᠠᠷ᠎ᠤᠨ ᠱᠠᠲᠤᠨ᠎ᠤ ᠲᠦᠰᠢᠭᠦᠷ᠂ ᠠᠰᠠᠷ᠎ᠤᠨ ᠬᠣᠩᠬᠢᠯ᠎ᠤᠨ ᠡᠭᠦᠳᠡ᠂ ᠡᠷᠦᠢ ᠬᠤᠷᠤᠢ ᠦᠭᠡᠢ ᠲᠠᠯᠪᠢᠭᠰᠠᠨ ᠳᠤᠭᠤᠢ ᠲᠡᠷᠭᠡ ᠵᠢ ᠲᠡᠭᠰᠢᠯᠡᠵᠦ᠂ ᠠᠰᠠᠷ᠎ᠤᠨ ᠬᠣᠩᠬᠢᠯ᠎ᠳᠤ ᠨᠠᠭ᠋ᠠᠭᠰᠠᠨ ᠵᠠᠷ᠎ᠢ ᠠᠷᠢᠯᠭ᠋ᠠᠪᠠ ᠁ ᠢᠷᠡᠬᠦ ᠨᠢᠭᠡ ᠭᠠᠷᠠᠭ᠎ᠲᠤ᠂ ᠰᠠᠶ᠋ᠢᠨ ᠳᠤᠷᠠᠴᠤᠤᠯ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠪᠠᠶ᠋ᠢᠳᠠᠯ᠎ᠢ ᠤᠯᠠᠮ ᠨᠢᠭᠡ ᠠᠯᠬᠤᠮ ᠰᠠᠶ᠋ᠢᠵᠢᠷᠠᠭᠤᠯᠤᠨ᠎ᠠ᠃



    ᠡᠨᠡ ᠤᠳᠠᠭ᠋ᠠᠨ᠎ᠤ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠪᠣᠯ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠴᠠᠭ᠋ᠠᠨ ᠰᠠᠷ᠎ᠠ ᠨᠡᠶ᠋ᠢᠭᠡᠮ ᠲᠣᠭᠣᠷᠢᠭ᠎ᠲᠤ ᠬᠦᠷᠴᠦ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ》᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠎ᠳᠤ ᠬᠦᠷᠴᠦ ᠯᠧᠢ ᠹᠧᠩ᠎ᠤᠨ ᠵᠣᠷᠢᠭ ᠰᠠᠨᠠᠭ᠎ᠠ ᠵᠢ ᠬᠠᠮᠲᠤ ᠎ᠳᠤ᠎ᠪᠠᠨ ᠰᠤᠷᠤᠯᠴᠠᠵᠤ ᠬᠠᠮᠲᠤ᠎ᠳᠤ᠎ᠪᠠᠨ ᠵᠥᠪᠯᠡᠬᠦ》 ᠵᠢᠨ ᠳᠠᠷᠠᠭ᠋ᠠᠬᠢ ᠪᠠᠰᠠ ᠨᠢᠭᠡ ᠤᠳᠠᠭ᠋ᠠᠨ᠎ᠤ ᠠᠵᠢᠯᠯᠠᠭ᠎ᠠ ᠪᠣᠯᠤᠨ᠎ᠠ᠃ ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠦᠷᠭᠦᠯᠵᠢᠯᠡᠨ ᠰᠢᠨ᠎ᠡ ᠵᠢ ᠡᠭᠦᠳᠬᠦ ᠵᠢ ᠰᠦᠪᠡᠭᠴᠢᠯᠡᠨ᠂ ᠡᠯ᠎ᠡ ᠲᠥᠷᠥᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠰᠠᠶ᠋ᠢᠲᠤᠷ ᠬᠢᠵᠦ᠂ ᠲᠤᠬᠠᠶ᠋ᠢᠯᠠᠭᠰᠠᠨ ᠠᠵᠢᠯ᠎ᠳᠤ᠎ᠪᠠᠨ ᠰᠠᠭᠤᠷᠢᠯᠠᠨ᠂ ᠯᠸᠢ ᠹᠧᠩ᠎ᠤᠨ ᠵᠣᠷᠢᠭ ᠰᠠᠨᠠᠭ᠎ᠠ ᠵᠢ ᠭᠠᠵᠠᠷ ᠪᠣᠯᠭ᠋ᠠᠨ᠎ᠳᠤ ᠪᠠᠳᠠᠷᠠᠭᠤᠯᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠡᠳᠦᠷ ᠲᠤᠲᠤᠮ᠎ᠤᠨ ᠠᠵᠢᠯ᠎ᠳᠤ᠎ᠪᠠᠨ ᠠᠭᠤᠰᠬᠠᠨ᠂ ᠪᠠᠶ᠋ᠢᠩᠭᠤ ᠠᠳᠬᠤᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ᠃




ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ (ᠬᠣᠶᠠᠷ)
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠᠶᠠᠨᠨᠠᠭᠤᠷ ᠬᠣᠲᠠ᠎ᠳᠤ ᠬᠦᠷᠴᠦ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠵᠠᠭᠪᠤᠷ᠎ᠤᠨ ᠠᠷᠭ᠎ᠠ ᠵᠠᠮ᠎ᠤᠨ ᠰᠤᠳᠤᠯᠭ᠋ᠠᠨ》᠎ᠢ ᠪᠠᠢ᠌ᠴᠠᠭ᠋ᠠᠨ ᠰᠣᠳᠤᠯᠬᠤ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠵᠠᠭᠪᠤᠷ᠎ᠤᠨ ᠰᠣᠳᠤᠯᠭ᠋ᠠᠨ》᠎ᠤ ᠠᠵᠢᠯ᠎ᠢ ᠪᠠᠶ᠋ᠢᠴᠠᠭ᠋ᠠᠨ ᠰᠤᠳᠤᠯᠪᠠ — ᠭᠤᠤᠯ ᠰᠡᠳᠦᠪᠲᠦ ᠬᠥᠮᠦᠵᠢᠯ·ᠪᠠᠶ᠋ᠢᠴᠠᠭ᠋ᠠᠨ ᠰᠤᠳᠤᠯᠤᠯᠲᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠳᠠᠭᠤᠷᠢᠶᠠᠯ ᠦᠵᠡᠭᠦᠯᠬᠦ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠪᠠᠶ᠋ᠢᠴᠠᠭ᠋ᠠᠨ ᠰᠤᠳᠤᠯᠪᠠ — ᠭᠤᠤᠯ ᠰᠡᠳᠦᠪᠲᠦ ᠬᠥᠮᠦᠵᠢᠯ·ᠪᠠᠶ᠋ᠢᠴᠠᠭ᠋ᠠᠨ ᠰᠤᠳᠤᠯᠤᠯᠲᠠ
 
             蒙ICP备05000248号