ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2023-03-22


    11 ᠰᠠᠷ᠎ᠠ ᠵᠢᠨ 23᠎ᠤ ᠡᠳᠦᠷ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠭᠠᠵᠠᠷ᠎ᠤᠨ ᠲᠠᠰ᠎ᠠᠴᠠ ᠳᠡᠭᠡᠭᠰᠢᠬᠢ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠩᠬᠢᠨᠢ᠎ᠪᠠᠷ ᠬᠢᠴᠢᠶᠡᠯ ᠡᠬᠢᠯᠡᠪᠡ᠃ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ ᠯᠢ ᠵᠠᠨ ᠹᠧᠩ ᠳᠠᠶ᠋ᠢᠴᠢᠯᠠᠯᠲᠠ ᠵᠢᠨ ᠶᠠᠷᠢᠶ᠎ᠠ ᠲᠠᠯᠪᠢᠵᠤ ᠲᠤᠰᠬᠠᠶ ᠰᠡᠳᠦᠪ ᠵᠶ᠋ᠠᠷ ᠤᠬᠠᠭᠤᠯᠤᠨ ᠲᠠᠶ᠋ᠢᠯᠪᠤᠷᠢᠯᠠᠵᠤ᠂ ᠨᠠᠮ᠎ᠤᠨ ᠬᠣᠷᠢᠶᠠᠨ᠎ᠤ ᠳᠡᠳ᠋ ᠱᠦᠵᠢ᠂ ᠰᠤᠷᠭ᠋ᠠᠭᠤᠯᠢ ᠵᠢᠨ ᠳᠡᠳ᠋ ᠵᠠᠬᠢᠷᠤᠯ ᠭᠦᠸᠧ ᠰᠢ ᠬᠢᠴᠢᠶᠡᠯ ᠡᠬᠢᠯᠡᠬᠦ ᠶᠣᠰᠣᠯᠠᠯ᠎ᠢ ᠡᠷᠭᠢᠯᠡᠪᠡ᠃



      ᠯᠢ ᠵᠠᠨ ᠹᠧᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠭᠣᠣᠯ ᠰᠡᠳᠦᠪ᠂ ᠥᠩᠭᠡᠷᠡᠭᠰᠡᠨ 5 ᠵᠢᠯ᠎ᠤᠨ ᠠᠵᠢᠯ ᠪᠣᠯᠤᠨ ᠰᠢᠨ᠎ᠡ ᠴᠠᠭ ᠦᠶ᠎ᠡ ᠵᠢᠨ 10 ᠵᠢᠯ᠎ᠤᠨ ᠠᠭᠤᠤ ᠶᠡᠬᠡ ᠬᠤᠪᠢᠰᠤᠯᠲᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠣᠨᠣᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠠᠷᠠᠯᠲᠠ ᠡᠭᠦᠷᠭᠡ᠂ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠠ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠡᠷᠭᠡ 7 ᠲᠠᠯ᠎ᠠ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠤᠬᠠᠭᠤᠯᠤᠨ ᠲᠠᠢ᠌ᠯᠪᠤᠷᠢᠯᠠᠭᠰᠠᠨ᠎ᠤ ᠬᠠᠮᠲᠤ ᠰᠤᠷᠭ᠋ᠠᠭᠤᠯᠢ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠰᠠᠭᠤᠷᠢ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠤᠯᠭ᠋ᠠᠭᠤᠷᠢᠯᠠᠯ ᠪᠣᠯᠬᠤ ᠦᠨᠳᠦᠰᠦᠨ ᠪᠠᠶ᠋ᠢᠷᠢ ᠲᠣᠭᠲᠠᠭ᠋ᠠᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠵᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ᠎ᠤ ᠪᠠᠶ᠋ᠢᠯᠳᠤᠬᠤ ᠪᠤᠳᠤᠯᠭ᠎ᠠ ᠵᠢᠨ ᠪᠠᠢ᠌ᠷᠢᠰᠢᠯᠠᠭᠤᠯᠤᠯᠲᠠ ᠵᠢ ᠭᠦᠨᠵᠡᠭᠡᠢ ᠣᠢ᠌ᠯᠠᠭ᠋ᠠᠵᠤ᠂ ᠰᠤᠷᠭ᠋ᠠᠨ ᠬᠥᠮᠦᠵᠢᠯ᠎ᠢ ᠡᠩ ᠲᠡᠷᠢᠭᠦᠨ᠎ᠳᠤ ᠬᠥᠭᠵᠢᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠭᠦᠯᠬᠦ᠂ ᠴᠢᠳᠠᠪᠤᠷᠢᠲᠠᠨ᠎ᠢ ᠵᠢᠯᠣᠭᠣᠳᠤᠨ ᠬᠥᠳᠡᠯᠭᠡᠵᠦ ᠤᠷᠤᠭᠰᠢᠯᠠᠭᠤᠯᠬᠤ ᠵᠡᠷᠭᠡ ᠲᠠᠯ᠎ᠠ᠎ᠪᠠᠷ ᠪᠦᠬᠦ ᠲᠠᠯ᠎ᠠ ᠵᠢᠨ ᠲᠠᠶ᠋ᠢᠯᠤᠮᠵᠢ ᠬᠢᠪᠡ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠠᠪᠰᠤᠷᠴᠤ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ᠎ᠤᠨ ᠲᠥᠯᠦᠭᠡ ᠴᠢᠳᠠᠪᠤᠷᠢᠲᠠᠨ ᠬᠥᠮᠥᠵᠢᠭᠦᠯᠬᠦ ᠠᠵᠢᠯ ᠵᠢᠨ ᠡᠭᠦᠷᠭᠡᠲᠦ ᠰᠡᠳᠬᠢᠯᠭᠡ᠂ ᠬᠠᠷᠢᠭᠤᠴᠠᠯᠭ᠋ᠠᠲᠤ ᠰᠡᠳᠬᠢᠯᠭᠡ ᠵᠢ ᠤᠯᠠᠮ ᠨᠢᠭᠡ ᠠᠯᠬᠤᠮ ᠴᠢᠩᠭ᠋ᠠᠳᠬᠠᠨ᠂ ᠰᠢᠨ᠎ᠡ ᠵᠢ ᠡᠭᠦᠳᠬᠦ ᠣᠷᠣᠶ᠋ᠢᠯᠠᠭᠰᠠᠨ ᠴᠢᠳᠠᠪᠤᠷᠢᠲᠠᠨ᠎ᠢ ᠬᠥᠮᠦᠵᠢᠭᠦᠯᠬᠦ ᠴᠢᠬᠤᠯᠠ ᠶᠡᠬᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠤᠯᠤᠰ᠎ᠤᠨ ᠰᠢᠨ᠎ᠡ ᠵᠢ ᠡᠭᠦᠳᠬᠦ᠎ᠳᠤ ᠦᠢ᠍ᠯᠡᠴᠢᠯᠡᠬᠦ ᠴᠠᠭ ᠦᠶ᠎ᠡ ᠵᠢᠨ ᠡᠭᠦᠷᠭᠡᠯᠡᠯ᠎ᠢ ᠰᠠᠶ᠋ᠢᠲᠤᠷ ᠦᠢ᠍ᠯᠡᠳᠦᠯᠭᠡᠵᠢᠭᠦᠯᠪᠡ᠃




      ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠠ ᠲᠡᠷᠢᠭᠦᠨ ᠴᠢᠬᠤᠯᠠ ᠶᠡᠬᠡ ᠶᠠᠪᠤᠳᠠᠯ ᠪᠣᠯᠤᠨ᠎ᠠ᠃ ᠤᠳᠤᠷᠢᠳᠬᠤ ᠺᠠᠳ᠋ᠷ ᠳᠠᠭ᠋ᠠᠭᠤᠯᠤᠨ ᠰᠤᠷᠤᠯᠴᠠᠬᠤ᠂ ᠨᠠᠮ᠎ᠤᠨ ᠡᠭᠦᠷ᠎ᠤᠨ ᠱᠦᠵᠢ ᠡᠷᠳᠡᠮ ᠰᠢᠨᠵᠢᠯᠡᠭᠡᠨ᠎ᠤ ᠶᠠᠷᠢᠶ᠎ᠠ ᠲᠠᠯᠪᠢᠬᠤ᠂ ᠪᠦᠬᠦ ᠨᠠᠮ᠎ᠤᠨ ᠭᠡᠰᠢᠭᠦᠨ ᠰᠤᠷᠤᠯᠴᠠᠯᠭ᠎ᠠ ᠵᠢ ᠠᠬᠢᠭᠤᠯᠬᠤ᠂ ᠥᠷᠭᠡᠨ ᠤᠯᠠᠨ ᠪᠠᠭᠰᠢ ᠰᠤᠷᠤᠭᠴᠢ ᠬᠠᠮᠲᠤ᠎ᠪᠠᠷ ᠰᠤᠷᠤᠯᠴᠠᠬᠤ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠪᠠᠭᠰᠢ ᠰᠤᠷᠤᠭᠴᠢ ᠵᠢᠨ ᠰᠣᠨᠣᠰᠬᠤ ᠳᠤᠷᠠᠲᠠᠢ᠂ ᠰᠣᠨᠣᠰᠤᠭ᠋ᠠᠳ ᠣᠶ᠋ᠢᠯᠠᠭ᠋ᠠᠬᠤ᠂ ᠣᠶ᠋ᠢᠯᠠᠭ᠋ᠠᠵᠤ ᠳᠡᠢ᠌ᠯᠬᠦᠢ᠌ᠴᠡ ᠦᠭᠡ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠣᠳᠣᠷᠬᠠᠢ ᠶᠠᠷᠢᠵᠤ᠂ ᠣᠢ᠌ᠯᠠᠭ᠋ᠠᠮᠵᠢᠲᠠᠢ ᠶᠠᠷᠢᠨ᠂ ᠰᠤᠷᠤᠯᠴᠠᠵᠤ ᠤᠬᠠᠭᠤᠯᠤᠨ ᠲᠠᠶ᠋ᠢᠯᠪᠤᠷᠢᠯᠠᠬᠤ ᠵᠢ ᠪᠦᠬᠦᠨ᠎ᠢ ᠪᠦᠷᠬᠦᠬᠦᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠲᠠᠯ᠎ᠠ᠎ᠪᠠᠷ ᠦᠨᠡᠨ ᠬᠦ᠌ ᠦᠷ᠎ᠡ ᠪᠦᠲᠦᠮᠵᠢ ᠤᠯᠬᠤ ᠬᠡᠷᠡᠭᠲᠡᠢ᠃ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ 《ᠭᠤᠷᠪᠠ ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠶ᠋ᠢᠷᠢᠯᠠᠭᠤᠯᠤᠯᠲᠠ᠎ᠲᠠᠢ ᠤᠶᠠᠯᠳᠤᠭᠤᠯᠤᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠰᠢᠰᠲ᠋ᠧᠮᠲᠦ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ 《ᠶᠡᠬᠡ ᠦᠵᠡᠯ ᠰᠠᠨᠠᠭ᠎ᠠ ᠤᠯᠤᠰ ᠲᠦᠷᠦ》 ᠵᠢᠨ ᠠᠵᠢᠯ᠎ᠤᠨ ᠳᠣᠭᠲᠠᠯᠴᠠᠭ᠎ᠠ ᠵᠢ ᠪᠠᠶ᠋ᠢᠭᠤᠯᠤᠨ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠬᠥᠮᠦᠵᠢᠯ᠎ᠢ ᠴᠢᠩᠭ᠋ᠠᠳᠬᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠦᠨᠡᠨ ᠬᠦ᠌ ᠦᠷ᠎ᠡ ᠪᠦᠲᠦᠮᠵᠢ ᠤᠯᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠷᠳᠠᠬᠤ ᠴᠡᠭ᠎ᠢ ᠣᠨᠣᠪᠴᠢᠲᠠᠶ ᠣᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠤᠷᠭ᠋ᠠᠭᠤᠯᠢ ᠵᠢᠨ ᠠᠵᠢᠯ ᠦᠢ᠍ᠯᠡᠰ᠎ᠢ ᠲᠥᠯᠥᠪᠵᠢᠭᠦᠯᠦᠨ ᠪᠠᠶ᠋ᠢᠷᠢᠯᠠᠭᠤᠯᠬᠤ ᠲᠠᠯ᠎ᠠ᠎ᠪᠠᠷ ᠦᠨᠡᠨ ᠬᠦ᠌ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃






      ᠡᠨᠡ ᠤᠳᠠᠭ᠋ᠠᠨ᠎ᠤ ᠨᠣᠮ ᠤᠩᠰᠢᠬᠤ ᠠᠩᠭᠢ 5 ᠡᠳᠦᠷ᠎ᠤᠨ ᠬᠤᠭᠤᠴᠠᠭ᠎ᠠ᠎ᠲᠠᠢ ᠶᠠᠪᠤᠭᠳᠠᠨ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠤᠰᠬᠠᠶ ᠮᠡᠷᠭᠡᠵᠢᠯᠲᠡᠨ ᠲᠠᠶ᠋ᠢᠯᠤᠮᠵᠢ ᠬᠢᠬᠦ᠂ ᠳᠤᠭᠤᠶ᠋ᠢᠯᠠᠩ ᠬᠤᠪᠢᠶᠠᠨ ᠰᠤᠳᠤᠯᠤᠨ ᠶᠠᠷᠢᠯᠴᠠᠬᠤ᠂ ᠰᠣᠯᠢᠯᠴᠠᠵᠤ ᠬᠤᠪᠢᠶᠠᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠥᠷᠭᠡᠨ ᠳᠡᠯᠭᠡᠷ ᠪᠥᠭᠡᠳ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠤᠳᠤᠷᠢᠳᠬᠤ ᠺᠠᠳ᠋ᠷᠴᠤᠳ᠎ᠢ ᠬᠥᠲᠥᠯᠥᠨ ᠵᠢᠯᠣᠭᠣᠳᠴᠤ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠮᠥᠨ ᠴᠢᠨᠠᠷ᠂ ᠭᠤᠤᠯ ᠠᠭᠤᠯᠭ᠎ᠠ ᠵᠢ ᠪᠥᠬᠥ ᠲᠠᠯ᠎ᠠ᠎ᠪᠠᠷ ᠰᠤᠷᠤᠯᠴᠠᠨ᠂ ᠪᠥᠬᠥ ᠲᠠᠯ᠎ᠠ᠎ᠪᠠᠷ ᠡᠵᠡᠮᠳᠡᠵᠦ᠂ ᠪᠠᠲᠤ ᠴᠢᠩᠭ᠎ᠠ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ᠎ᠪᠠᠷ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠬᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠬᠠᠮᠰᠠᠷᠲᠤ ᠴᠢᠨᠠᠷ᠂ ᠡᠷᠡᠰ ᠪᠠᠲᠤ ᠴᠢᠨᠠᠷ᠎ᠢ ᠴᠢᠩᠭ᠋ᠠᠳᠬᠠᠪᠠ᠃




ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠯᠧᠶ ᠹᠧᠩ᠎ᠠᠴᠠ ᠰᠤᠷᠤᠯᠴᠠᠬᠤ ᠠᠵᠢᠯᠯᠠᠭ᠎ᠠ — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ》᠎ᠤ ᠠᠵᠢᠯᠯᠠᠭ᠎ᠠ ᠵᠢ ᠥᠷᠨᠢᠭᠦᠯᠪᠡ
ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ (ᠬᠣᠶᠠᠷ) — ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠭᠠᠷ ᠬᠣᠯᠪᠣᠨ ᠬᠠᠮᠲᠤ᠎ᠳᠤ᠎ᠪᠠᠨ ᠰᠤᠷᠤᠯᠴᠠᠵᠤ ᠬᠠᠮᠲᠤ᠎ᠳᠤ᠎ᠪᠠᠨ ᠵᠦᠪᠯᠡᠪᠡ
ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ (ᠭᠤᠷᠪᠠ) — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠣᠯᠪᠤᠭ᠋ᠠᠯᠠᠨ ᠳᠠᠭ᠋ᠠᠭ᠋ᠠᠴᠢᠯᠠᠭᠰᠠᠨ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠪᠡ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ (ᠬᠣᠶᠠᠷ)
 
             蒙ICP备05000248号