ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠥᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠭᠤᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠠᠮᠵᠢᠯᠲᠠ᠎ᠲᠠᠢ ᠡᠷᠭᠢᠯᠡᠪᠡ
ᠨᠡᠶ᠋ᠢᠲᠡᠯᠡᠭᠰᠡᠨ ᠴᠠᠭ᠄ 2023-03-22


      ᠲᠦᠷᠦᠭᠦᠬᠡᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠰᠦᠯᠵᠢᠶᠡᠨ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠭᠤᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠵᠣᠬᠢᠶᠠᠨ ᠪᠠᠶ᠋ᠢᠭᠤᠯᠵᠤ ᠥᠷᠨᠢᠭᠦᠯᠪᠡ᠃ ᠡᠨᠡ ᠤᠳᠠᠭ᠋ᠠᠨ᠎ᠤ ᠤᠬᠠᠭᠤᠯᠤᠨ ᠲᠠᠶ᠋ᠢᠯᠪᠤᠷᠢᠯᠠᠬᠤ ᠬᠤᠷᠠᠯ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠫᠷᠤᠹᠸᠰᠰᠤᠷ᠂ ᠠᠰᠫᠢᠷᠠᠨᠲ᠎ᠤᠨ ᠵᠢᠯᠤᠭᠤᠳᠤᠬ᠍ᠴᠢ ᠪᠠᠭᠰᠢ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠵᠢᠭ᠋ᠠᠬᠤ ᠵᠢ ᠰᠤᠳᠤᠯᠬᠤ ᠲᠠᠰᠤᠭ᠎ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠂ ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠮᠠ ᠯᠢ ᠵᠢ ᠤᠷᠢᠵᠤ 《ᠰᠢᠨ᠎ᠡ ᠠᠶᠠᠯᠠᠯ᠎ᠳᠤ ᠡᠷᠡᠮᠡᠬᠡᠢ᠌ᠯᠡᠨ ᠤᠷᠤᠭᠰᠢᠯᠠᠬᠤ ᠤᠯᠤᠰ ᠲᠦᠷᠦ ᠵᠢᠨ ᠲᠤᠩᠬᠠᠭ ᠪᠠ ᠠᠵᠢᠯᠯᠠᠭ᠋ᠠᠨ᠎ᠤ ᠬᠥᠲᠥᠯᠪᠦᠷᠢ — ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ》 ᠭᠡᠬᠦ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠪᠡ᠃



      ᠤᠬᠠᠭᠤᠯᠤᠨ ᠲᠠᠶ᠋ᠢᠯᠪᠤᠷᠢᠯᠠᠬᠤ ᠶᠠᠪᠤᠴᠠ᠎ᠳᠤ᠂ ᠮᠠ ᠯᠢ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠬᠤ》᠂ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢ᠌ᠯᠠᠭ᠋ᠠᠬᠤ》᠂ 《ᠪᠦᠬᠦ ᠲᠠᠯ᠎ᠠ᠎ᠪᠠᠷ ᠰᠤᠷᠤᠯᠴᠠᠵᠤ᠂ ᠪᠦᠬᠦ ᠲᠠᠯ᠎ᠠ᠎ᠪᠠᠷ ᠡᠵᠡᠮᠰᠢᠨ᠂ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠡᠴᠡᠭᠯᠡᠨ ᠵᠢᠮᠢᠰᠯᠡᠭᠦᠯᠬᠦ ᠵᠢ ᠠᠬᠢᠭᠤᠯᠬᠤ》 ᠵᠢᠨ ᠲᠣᠭᠣᠷᠢᠨ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ᠂ ᠰᠢᠰᠲ᠋ᠧᠮ᠎ᠲᠠᠢ᠂ ᠭᠦᠨᠵᠡᠭᠡᠢ ᠲᠠᠶ᠋ᠢᠯᠪᠤᠷᠢᠯᠠᠪᠠ᠃ ᠡᠨᠡ ᠤᠳᠠᠭ᠋ᠠᠨ᠎ᠤ ᠲᠤᠰᠬᠠᠢ ᠰᠡᠳᠦᠪᠲᠦ ᠲᠠᠶ᠋ᠢᠯᠤᠮᠵᠢ᠎ᠪᠠᠷ ᠲᠠᠮᠵᠢᠨ᠂ ᠪᠦᠬᠦ ᠬᠠᠪᠰᠤᠷᠤᠨ ᠵᠢᠯᠤᠭᠤᠳᠤᠬ᠍ᠴᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠲᠤᠬᠠᠢ ᠨᠡᠩ ᠪᠦᠬᠦ ᠲᠠᠯ᠎ᠠ ᠵᠢᠨ ᠣᠶ᠋ᠢᠯᠠᠭ᠋ᠠᠯᠲᠠ ᠪᠠ ᠲᠦᠷᠦᠭᠳᠡᠯ᠎ᠲᠠᠢ ᠪᠣᠯᠵᠠᠢ᠃ ᠤᠯᠠᠨ ᠵᠶ᠋ᠠᠷ ᠵᠶ᠋ᠠᠨ ᠰᠤᠷᠤᠯᠴᠠᠵᠤ ᠰᠡᠳᠬᠢᠵᠦ ᠦᠢ᠍ᠯᠡᠳᠦᠯᠭᠡᠵᠢᠭᠦᠯᠵᠦ ᠤᠬᠠᠪᠤᠷᠢᠯᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠬᠦ ᠵᠢᠨ ᠬᠠᠮᠲᠤ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ ᠰᠡᠳᠬᠢᠯ ᠲᠠᠯᠪᠢᠬᠤ ᠵᠢ ᠪᠥᠬᠦ ᠬᠦᠴᠦᠨ ᠵᠶ᠋ᠡᠷ ᠵᠶ᠋ᠡᠨ ᠠᠬᠢᠭᠤᠯᠤᠨ᠎ᠠ ᠭᠡᠵᠡᠭᠡᠪᠡ᠃




ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ — ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠯᠧᠶ ᠹᠧᠩ᠎ᠠᠴᠠ ᠰᠤᠷᠤᠯᠴᠠᠬᠤ ᠠᠵᠢᠯᠯᠠᠭ᠎ᠠ — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ》᠎ᠤ ᠠᠵᠢᠯᠯᠠᠭ᠎ᠠ ᠵᠢ ᠥᠷᠨᠢᠭᠦᠯᠪᠡ
ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ (ᠬᠣᠶᠠᠷ) — ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠭᠠᠷ ᠬᠣᠯᠪᠣᠨ ᠬᠠᠮᠲᠤ᠎ᠳᠤ᠎ᠪᠠᠨ ᠰᠤᠷᠤᠯᠴᠠᠵᠤ ᠬᠠᠮᠲᠤ᠎ᠳᠤ᠎ᠪᠠᠨ ᠵᠦᠪᠯᠡᠪᠡ
ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ (ᠭᠤᠷᠪᠠ) — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠣᠯᠪᠤᠭ᠋ᠠᠯᠠᠨ ᠳᠠᠭ᠋ᠠᠭ᠋ᠠᠴᠢᠯᠠᠭᠰᠠᠨ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠪᠡ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ
 
             蒙ICP备05000248号