ᠣᠶ᠋ᠢᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠴᠢᠬᠤᠯᠠ ᠵᠢᠭ᠋ᠠᠪᠤᠷᠢ ᠭᠠᠷᠭ᠋ᠠᠵᠤ᠂ ᠡᠨᠡ ᠵᠢᠯ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠯᠸᠢ ᠹᠧᠩ ᠨᠥᠬᠥᠷ᠎ᠲᠤ ᠪᠢᠴᠢᠭᠡᠰᠦ ᠪᠢᠴᠢᠵᠦ ᠥᠭᠭᠦᠭᠰᠡᠨ 60 ᠵᠢᠯ᠎ᠤᠨ ᠣᠶ ᠪᠣᠯᠤᠨ᠎ᠠ᠂ ᠯᠸᠢ ᠹᠧᠩ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠠᠭᠤᠯᠤᠭᠳᠠᠬᠤᠨ᠎ᠢ ᠭᠦᠨᠵᠡᠭᠡᠶ ᠡᠵᠡᠮᠰᠢᠵᠦ᠂ ᠰᠢᠨ᠎ᠡ ᠴᠠᠭ ᠦᠶ᠎ᠡ᠎ᠳᠤ ᠯᠸᠢ ᠹᠧᠩ᠎ᠤᠨ ᠵᠣᠷᠢᠭ ᠰᠠᠨᠠᠭ᠋ᠠᠨ᠎ᠤ ᠬᠡᠷᠡᠯ ᠭᠢᠯᠪᠠᠭ᠎ᠠ ᠵᠢ ᠨᠡᠩ ᠰᠠᠴᠤᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠶᠡᠷᠦᠩᠬᠡᠢ ᠱᠦᠵᠢ ᠰᠢ ᠵᠢᠨ ᠫᠢᠩ᠎ᠤᠨ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮ ᠴᠠᠭ᠋ᠠᠰᠢᠲᠠ ᠭᠦᠨᠵᠡᠭᠡᠢ ᠲᠤᠭᠤᠰᠢᠯᠠᠭᠤᠯᠵᠤ᠂ 《ᠬᠤᠪᠢ ᠨᠡᠮᠡᠷᠢ ᠦᠵᠡᠭᠦᠯᠬᠦ᠂ ᠨᠥᠬᠥᠷᠰᠡᠭ ᠪᠠᠶ᠋ᠢᠬᠤ᠂ ᠬᠠᠷᠢᠯᠴᠠᠨ ᠬᠠᠪᠰᠤᠷᠬᠤ᠂ ᠤᠷᠤᠭᠰᠢᠯᠠᠨ ᠲᠠᠪᠰᠢᠬᠤ》 ᠰᠠᠢ᠍ᠢ᠍ᠨ ᠳᠤᠷ᠎ᠠ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠬᠤ ᠵᠢᠨ ᠲᠥᠯᠥᠭᠡ᠂ 3 ᠰᠠᠷ᠎ᠠ ᠵᠢᠨ 4᠎ᠤ ᠡᠳᠦᠷ᠂ 《ᠯᠸᠢ ᠹᠸᠩ᠎ᠠᠴᠠ ᠰᠤᠷᠤᠯᠴᠠᠬᠤ ᠳᠤᠷᠠᠰᠬᠠᠯ᠎ᠤᠨ ᠡᠳᠦᠷ》 ᠬᠦᠷᠴᠦ ᠢᠷᠡᠬᠦ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠᠶ᠋ᠢᠭᠤᠯᠭ᠎ᠠ ᠵᠢᠨ 30 ᠭᠠᠷᠤᠢ ᠰᠠᠢ᠍ᠢ᠍ᠨ ᠳᠤᠷᠠᠴᠤᠤᠯ᠎ᠢ ᠵᠣᠬᠢᠶᠠᠨ ᠪᠠᠶ᠋ᠢᠭᠤᠯᠵᠤ᠂ ᠬᠥᠬᠡᠬᠣᠲᠠ ᠵᠢᠨ ᠰᠢᠨ᠎ᠡ ᠬᠤᠳᠠ ᠲᠣᠭᠣᠷᠢᠭ᠎ᠤᠨ ᠰᠢᠨ ᠴᠦᠨ ᠨᠡᠶ᠋ᠢᠭᠡᠮ ᠲᠣᠭᠣᠷᠢᠭ᠎ᠤᠨ ᠬᠤᠸᠠ ᠶᠤᠸᠠᠨ ᠰᠠᠭᠤᠭ᠋ᠠᠯᠢ ᠠᠷᠠᠳ᠎ᠤᠨ ᠲᠣᠭᠣᠷᠢᠭ᠎ᠲᠤ 《ᠯᠸᠢ ᠹᠸᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ ᠪᠣᠯᠪᠠᠰᠤᠨ ᠬᠤᠳᠠ ᠵᠢ ᠡᠭᠦᠳᠦᠨ ᠪᠠᠶ᠋ᠢᠭᠤᠯᠬᠤ》 ᠯᠸᠢ ᠹᠸᠩ᠎ᠠᠴᠠ ᠰᠤᠷᠤᠯᠴᠠᠬᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ ᠵᠢ ᠡᠳᠦᠷ ᠲᠤᠳᠤᠮ᠎ᠤᠨ ᠠᠵᠢᠯᠯᠠᠭ᠎ᠠ᠂ ᠪᠠᠢ᠌ᠩᠭᠤ ᠵᠢᠨ ᠠᠵᠢᠯᠯᠠᠭ᠎ᠠ᠎ᠳᠤ ᠦᠨᠡᠨ ᠬᠦ᠌ ᠠᠭᠤᠰᠬᠠᠪᠠ᠃


ᠰᠠᠶ᠋ᠢᠨ ᠳᠤᠷᠠᠴᠤᠤᠯ ᠳᠤᠭᠤᠶ᠋ᠢᠯᠠᠩ ᠬᠤᠪᠢᠶᠠᠨ ᠬᠥᠳᠡᠯᠦᠯᠴᠡᠵᠦ᠂ ᠵᠢᠵᠢᠭ ᠵᠠᠷ᠎ᠢ ᠠᠷᠢᠯᠭ᠋ᠠᠵᠤ᠂ ᠠᠰᠠᠷ᠎ᠤᠨ ᠬᠣᠩᠬᠢᠯᠢ ᠴᠡᠪᠡᠷᠯᠡᠵᠦ᠂ ᠠᠰᠠᠷ᠎ᠤᠨ ᠬᠣᠩᠬᠢᠯ᠎ᠤᠨ ᠲᠦᠰᠢᠭᠦᠷ ᠪᠠ ᠰᠢᠯᠢ ᠠᠷᠴᠢᠵᠤ᠂ ᠪᠣᠯᠪᠠᠰᠤᠨ ᠬᠣᠲᠠ ᠵᠢ ᠪᠠᠢ᠌ᠭᠤᠯᠬᠤ ᠵᠢᠴᠢ ᠬᠣᠭ ᠨᠣᠪᠰᠢ ᠵᠢ ᠲᠥᠷᠥᠯ ᠬᠤᠪᠢᠶᠠᠬᠤ ᠮᠡᠳᠡᠯᠭᠡ ᠵᠢ ᠤᠬᠠᠭᠤᠯᠤᠭᠰᠠᠨᠤ ᠬᠠᠮᠲᠤ ᠬᠦᠴᠢᠷᠳᠡᠯᠲᠡᠶ ᠣᠯᠠᠨ ᠲᠦᠮᠡᠨ᠎ᠢ ᠲᠣᠬᠣᠨᠢᠭᠤᠯᠪᠠ ᠁ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢᠨ ᠭᠠᠯ ᠤᠯᠠᠭ᠋ᠠᠨ ᠲᠣᠭ᠂ ᠰᠠᠶ᠋ᠢᠨ ᠳᠤᠷᠠᠴᠤᠤᠯ᠎ᠤᠨ ᠭᠠᠯ ᠤᠯᠠᠭ᠋ᠠᠨ ᠬᠠᠨᠵᠠᠭ᠋ᠠᠷ᠂ ᠨᠢᠭᠡ ᠪᠦᠯᠦᠭ 《ᠤᠯᠠᠭ᠋ᠠᠨ ᠬᠠᠨᠵᠠᠭ᠋ᠠᠷᠲᠤ ᠰᠠᠶ᠋ᠢᠨ ᠳᠤᠷᠠᠴᠤᠤᠯ》 ᠬᠠᠬᠢᠷ ᠬᠦᠢ᠍ᠲᠡᠨ ᠬᠠᠪᠤᠷ᠎ᠤᠨ ᠡᠳᠦᠷ ᠭᠠᠷᠮᠠᠭ᠋ᠠᠢ᠌ᠯᠠᠵᠤ᠂ ᠬᠣᠯᠪᠤᠭ᠋ᠠᠯᠠᠨ ᠳᠠᠭ᠋ᠠᠭ᠋ᠠᠴᠢᠯᠠᠭᠰᠠᠨ ᠰᠠᠭᠤᠭ᠋ᠠᠯᠢ ᠲᠣᠭᠣᠷᠢᠭ᠎ᠤᠨ ᠪᠣᠯᠪᠠᠰᠤᠨ ᠬᠣᠲᠠ ᠵᠢ ᠬᠠᠮᠲᠤ᠎ᠪᠠᠷ ᠪᠠᠢ᠌ᠭᠤᠯᠬᠤ᠎ᠳᠤ ᠬᠦᠴᠦᠨ ᠨᠡᠮᠡᠷᠢᠯᠡᠪᠡ᠃


ᠰᠠᠶ᠋ᠢᠨ ᠳᠤᠷᠠᠴᠤᠤᠯ᠂ 《ᠬᠣᠶᠠᠷ ᠨᠡᠷ᠎ᠡ ᠮᠡᠳᠡᠭᠦᠯᠬᠦ》 ᠪᠠ 《ᠨᠠᠢ᠍ᠮᠠ ᠵᠢ ᠨᠡᠶ᠋ᠢᠭᠡᠮ ᠲᠣᠭᠣᠷᠢᠭ᠎ᠲᠤ ᠣᠷᠣᠭᠤᠯᠬᠤ》᠎ᠪᠠᠷ ᠠᠴᠢᠶᠠᠯᠠᠪᠤᠷᠢ ᠪᠣᠯᠭ᠋ᠠᠨ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠯᠸᠢ ᠹᠧᠩ᠎ᠤᠨ ᠵᠣᠷᠢᠭ ᠰᠠᠨᠠᠭ᠋ᠠᠨ᠎ᠤ ᠰᠠᠨᠠᠭ᠋ᠠᠴᠢᠯᠠᠭᠴᠢ᠂ ᠦᠢ᠍ᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ᠎ᠪᠠᠷ ᠴᠢᠷᠮᠠᠶ᠋ᠢᠵᠤ᠂ ᠠᠵᠢᠯᠯᠠᠭ᠎ᠠ᠎ᠪᠠᠷ ᠵᠶ᠋ᠠᠨ ᠪᠣᠯᠪᠠᠰᠤᠨ᠎ᠢ ᠤᠯᠠᠮᠵᠢᠯᠠᠵᠤ᠂ ᠯᠸᠢ ᠹᠧᠩ᠎ᠤᠨ ᠵᠣᠷᠢᠭ ᠰᠠᠨᠠᠭ᠎ᠠ ᠵᠢ ᠥᠨᠢ ᠡᠭᠦᠷᠢᠳᠡ ᠦᠷᠭᠦᠯᠵᠢᠯᠡᠭᠦᠯᠦᠨ᠎ᠡ ᠭᠡᠵᠦ ᠢᠯᠡᠷᠬᠡᠢ᠌ᠯᠡᠵᠡᠭᠡᠪᠡ᠃