ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ
ᠨᠡᠶ᠋ᠢᠲᠡᠯᠡᠭᠰᠡᠨ ᠴᠠᠭ᠄ 2023-03-30


      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ 2022 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠭᠤᠤᠯ ᠠᠮᠵᠢᠯᠲᠠ ᠵᠢ ᠪᠦᠷᠢᠳᠬᠡᠨ ᠳ᠋ᠦᠩᠨᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠬᠦᠴᠢᠷᠳᠡᠯ᠎ᠤᠨ ᠵᠠᠩᠭᠢᠯᠠᠭ᠎ᠠ ᠵᠢ ᠡᠮᠬᠢᠯᠡᠨ ᠡᠵᠡᠮᠰᠢᠵᠦ᠂ 2023 ᠣᠨ᠎ᠤ ᠭᠤᠤᠯᠳᠠᠯᠭ᠎ᠠ᠎ᠲᠠᠢ ᠡᠭᠦᠷᠭᠡ ᠵᠢ ᠪᠠᠶ᠋ᠢᠷᠢᠯᠠᠭᠤᠯᠪᠠ᠃ ᠬᠤᠷᠠᠯ᠎ᠠᠴᠠ ᠵᠢᠷᠭᠤᠭ᠋ᠠᠨ ᠬᠤᠪᠢᠶᠠᠷᠢ ᠶᠠᠷᠢᠶᠠᠨ᠎ᠤ ᠲᠠᠪᠴᠠᠩ᠎ᠢ ᠪᠠᠶ᠋ᠢᠷᠢᠯᠠᠭᠤᠯᠵᠤ᠂ ᠡᠯ᠎ᠡ ᠳᠠᠭ᠋ᠠᠭ᠋ᠠᠴᠢᠯᠠᠨ ᠭᠦᠢ᠍ᠴᠡᠳᠭᠡᠬᠦ ᠳᠡᠭᠡᠳᠦ ᠰᠤᠷᠭ᠋ᠠᠭᠤᠯᠢ᠎ᠠᠴᠠ ᠲᠣᠰ ᠲᠣᠰ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠬᠠᠯᠠᠮᠰᠢᠯ ᠠᠰᠠᠭᠤᠳᠠᠯ᠎ᠤᠨ ᠲᠣᠭᠣᠷᠢᠨ᠎ᠳᠤ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯᠲᠡᠨ᠂ ᠠᠵᠤ ᠠᠬᠤᠶ᠋ᠢᠯᠠᠯ᠎ᠤᠨ ᠲᠥᠯᠥᠭᠡᠯᠡᠭᠴᠢ ᠵᠢ ᠤᠷᠢᠵᠤ ᠬᠠᠮᠲᠤ᠎ᠳᠤ᠎ᠪᠠᠨ ᠰᠣᠯᠢᠯᠴᠠᠨ ᠶᠠᠷᠢᠯᠴᠠᠪᠠ᠂ ᠬᠤᠪᠢᠶᠠᠷᠢ ᠶᠠᠷᠢᠶᠠᠨ᠎ᠤ ᠲᠠᠪᠴᠠᠩ᠎ᠤᠨ ᠠᠬᠤᠶ ᠲᠠᠯᠠᠪᠠᠶ ᠵᠢ ᠬᠠᠮᠲᠤ᠎ᠳᠤ᠎ᠪᠠᠨ ᠦᠵᠡᠵᠡᠭᠡᠶ᠎ᠡ —

      ᠪᠤᠭᠤᠲᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠠᠩᠭᠢᠯᠠᠭ᠎ᠠ

      ᠪᠣᠯᠬᠤ ᠰᠤᠷᠭ᠋ᠠᠭᠤᠯᠢ ᠡᠷᠬᠢᠯᠡᠬᠦ ᠴᠢᠳᠠᠪᠤᠷᠢ ᠵᠢ ᠳᠡᠭᠡᠭᠰᠢᠯᠡᠭᠦᠯᠪᠡ
      ᠪᠤᠭᠤᠲᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠶᠠᠷᠢᠶᠠᠨ᠎ᠤ ᠲᠠᠪᠴᠠᠩ᠎ᠤᠨ ᠠᠬᠤᠢ ᠲᠠᠯᠠᠪᠠᠢ᠎ᠳᠤ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢᠳ ᠶᠠᠷᠢᠶᠠᠨ᠎ᠤ ᠲᠠᠪᠴᠠᠩ᠎ᠤᠨ ᠭᠣᠣᠯ ᠰᠡᠳᠦᠪ᠎ᠤᠨ ᠲᠣᠭᠣᠷᠢᠨ᠎ᠳᠤ ᠲᠦᠷᠦ ᠵᠢᠨ ᠪᠤᠳᠤᠯᠭ᠎ᠠ ᠵᠢᠨ ᠲᠠᠶ᠋ᠢᠯᠤᠮᠵᠢ᠂ ᠤᠨᠤᠯ᠎ᠤᠨ ᠵᠠᠳᠠᠯᠤᠯᠲᠠ᠂ ᠬᠡᠷᠡᠭ᠎ᠤᠨ ᠵᠢᠱ᠌ᠢᠶᠡᠨ᠎ᠤ ᠵᠠᠳᠠᠯᠤᠯᠲᠠ ᠵᠡᠷᠭᠡ ᠤᠯᠠᠨ ᠲᠠᠯ᠎ᠠ᠎ᠠᠴᠠ ᠭᠦᠨᠵᠡᠭᠡᠢ ᠪᠥᠭᠡᠳ ᠣᠶ᠋ᠢᠯᠠᠭ᠋ᠠᠮᠵᠢᠲᠠᠢ ᠬᠠᠪᠰᠤᠷᠤᠨ ᠵᠢᠯᠣᠭᠣᠳᠬᠤ ᠮᠡᠳᠡᠭᠦᠯᠦᠯᠲᠡ ᠬᠢᠵᠦ᠂ ᠰᠤᠷᠤᠯᠴᠠᠵᠤ ᠪᠣᠯᠬᠤᠢ᠌ᠴᠠ ᠪᠠ ᠲᠣᠯᠢᠳᠠᠵᠤ ᠪᠣᠯᠬᠤᠢ᠌ᠴᠠ ᠲᠥᠰᠦᠯ᠎ᠤᠨ ᠵᠠᠭᠪᠤᠷ᠎ᠢ ᠬᠠᠩᠭ᠋ᠠᠪᠠ᠃ ᠬᠤᠷᠠᠯ᠎ᠳᠤ ᠣᠷᠣᠯᠴᠠᠭᠰᠠᠳ ᠡᠨᠡ ᠤᠳᠠᠭ᠋ᠠᠨ᠎ᠤ ᠠᠵᠢᠯᠯᠠᠭ᠋ᠠᠨ᠎ᠤ ᠶᠠᠪᠤᠴᠠ᠎ᠳᠤ ᠬᠢᠭᠰᠡᠨ ᠭᠤᠤᠯ ᠵᠣᠷᠢᠯᠲᠠᠲᠤ ᠮᠡᠳᠡᠭᠦᠯᠦᠯᠲᠡ ᠪᠠ ᠰᠠᠨᠠᠯ ᠰᠣᠯᠢᠯᠴᠠᠬᠤ ᠶᠠᠷᠢᠶ᠎ᠠ ᠪᠣᠯ ᠴᠥᠮ ᠲᠤᠰᠬᠠᠶ ᠮᠡᠷᠭᠡᠵᠢᠯᠲᠡᠨ ᠡᠷᠳᠡᠮᠲᠡᠳ᠎ᠤᠨ ᠣᠯᠠᠨ ᠵᠢᠯ᠎ᠤᠨ ᠰᠤᠳᠤᠯᠭ᠋ᠠᠨ᠎ᠤ ᠦᠷ᠎ᠡ ᠪᠦᠲᠦᠭᠡᠯ ᠪᠠ ᠡᠷᠬᠢᠮ ᠨᠠᠨᠳᠢᠨ ᠲᠤᠷᠰᠢᠯᠭ᠎ᠠ ᠵᠢᠨ ᠳ᠋ᠦᠩᠨᠡᠯᠲᠡ ᠮᠥᠨ᠂ ᠲᠡᠷᠡ᠎ᠨᠢ ᠠᠯᠤᠰ ᠬᠡᠲᠦ ᠵᠢᠨ ᠰᠢᠨ᠎ᠡ ᠬᠠᠷᠠᠴᠠ ᠪᠠ ᠦᠢ᠍ᠯᠡᠳᠦᠯᠭᠡ ᠵᠢᠨ ᠰᠢᠨ᠎ᠡ ᠰᠡᠳᠬᠢᠮᠵᠢ᠎ᠲᠠᠢ ᠪᠠᠶ᠋ᠢᠵᠤ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠵᠠᠩᠭᠢᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠴᠢᠬᠤᠯᠠ ᠪᠣᠳᠠᠲᠤ ᠵᠢᠯᠣᠭᠣᠳᠬᠤ ᠠᠴᠢ ᠬᠣᠯᠪᠣᠭᠳᠠᠯ᠎ᠲᠠᠢ ᠶᠤᠮ ᠭᠡᠵᠦ ᠢᠯᠡᠷᠬᠡᠢ᠌ᠯᠡᠵᠡᠭᠡᠪᠡ᠃



      ᠶᠠᠷᠢᠶᠠᠨ᠎ᠤ ᠲᠠᠪᠴᠠᠩ᠎ᠤᠨ ᠠᠬᠤᠶ ᠲᠠᠯᠠᠪᠠᠢ



      ᠤᠯᠤᠰ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠵᠥᠪᠯᠡᠯ᠎ᠤᠨ ᠡᠷᠬᠢᠯᠡᠭᠴᠢ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠳᠤᠯᠭ᠋ᠠᠨ᠎ᠤ ᠲᠥᠪ᠎ᠤᠨ ᠡᠷᠬᠢᠯᠡᠭᠴᠢ ᠰᠢᠩ ᠾᠦᠢ ᠫᠷᠤᠹᠧᠰᠰᠤᠷ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠴᠢᠨᠠᠷᠯᠢᠭ   ᠬᠥᠭᠵᠢᠭᠦᠯᠬᠦ ᠵᠠᠩᠭᠢᠯᠠᠭ᠎ᠠ ᠵᠢᠨ ᠡᠯᠧᠮᠧᠨ᠋ᠲ᠎ᠢ ᠠᠳᠬᠤᠶ᠎ᠠ》 ᠭᠡᠬᠦ ᠰᠡᠳᠦᠪ᠎ᠪᠠᠷ ᠭᠤᠤᠯ ᠵᠤᠷᠢᠯᠳᠠᠳᠤ ᠮᠡᠳᠡᠭᠦᠯᠦᠯᠲᠡ ᠬᠢᠪᠠ᠃



      ᠱᠠᠨᠰᠢ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠮᠠᠲ᠋ᠧᠷᠢᠶᠠᠯ᠎ᠤᠨ ᠳᠡᠭᠡᠳᠦ ᠰᠤᠷᠭ᠋ᠠᠭᠤᠯᠢ ᠵᠢᠨ ᠬᠠᠨ ᠰᠢᠶᠤᠤ ᠹᠧᠩ ᠫᠷᠣᠹᠧᠰᠰᠤᠷ 《ᠬᠠᠷᠠᠯᠲᠠ ᠪᠠ ᠦᠷ᠎ᠡ ᠪᠦᠲᠦᠭᠡᠯ ᠵᠶ᠋ᠠᠷ ᠤᠳᠤᠷᠢᠳᠤᠮᠵᠢ ᠪᠣᠯᠭ᠋ᠠᠭᠰᠠᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠪᠠ ᠬᠥᠭᠵᠢᠯᠲᠡ》 ᠭᠡᠬᠦ ᠰᠡᠳᠦᠪ ᠵᠶ᠋ᠠᠷ ᠭᠤᠤᠯ ᠵᠣᠷᠢᠯᠲᠠᠲᠤ ᠮᠡᠳᠡᠭᠦᠯᠦᠯᠲᠡ ᠬᠢᠪᠠ᠃



      ᠪᠤᠭᠤᠲᠤ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠢᠴᠢᠶᠡᠯ ᠬᠥᠮᠦᠵᠢᠯ᠎ᠤᠨ ᠭᠠᠵᠠᠷ᠎ᠤᠨ ᠳᠡᠳ᠋ ᠳᠠᠷᠤᠭ᠎ᠠ ᠯᠸᠢ ᠵᠧᠨ ᠭᠠᠩ 《ᠬᠤᠤᠰ ᠥᠨᠳᠦᠷ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ ᠳᠡᠭᠡᠳᠦ ᠰᠤᠷᠭ᠋ᠠᠭᠤᠯᠢ ᠵᠢᠨ ᠵᠠᠩᠭᠢᠯᠠᠭ᠎ᠠ ᠵᠢᠨ ᠰᠤᠷᠭ᠋ᠠᠭᠤᠯᠢ ᠡᠷᠭᠢᠯᠡᠬᠦ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠶ᠎ᠡ》 ᠭᠡᠬᠦ ᠰᠡᠳᠦᠪ ᠵᠶ᠋ᠠᠷ ᠰᠠᠨᠠᠯ ᠵᠶ᠋ᠠᠨ ᠰᠣᠯᠢᠯᠴᠠᠪᠠ᠃


   


      ᠪᠤᠭᠤᠲᠤ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠠᠬᠢᠷᠤᠯ ᠯᠢᠦ ᠵᠢᠶᠦ᠋ᠨ 《ᠣᠯᠠᠨ ᠡᠰᠢᠵᠢᠭᠦᠯᠦᠨ ᠵᠠᠰᠠᠬᠤ ᠰᠤᠷᠭ᠋ᠠᠭᠤᠯᠢ ᠡᠷᠭᠢᠯᠡᠬᠦ ᠵᠠᠭᠪᠤᠷ᠎ᠤᠨ ᠰᠢᠨ᠎ᠡ ᠵᠢ ᠡᠭᠦᠳᠴᠦ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠡᠨᠧᠷᠭᠢ ᠣᠯᠭᠣᠵᠤ ᠴᠢᠨᠠᠷᠯᠢᠭ ᠬᠥᠭᠵᠢᠭᠦᠯᠦᠶ᠎ᠡ》 ᠭᠡᠬᠦ ᠰᠡᠳᠦᠪ ᠵᠶ᠋ᠠᠷ ᠰᠠᠨᠠᠯ ᠵᠶ᠋ᠠᠨ ᠰᠣᠯᠢᠯᠴᠠᠪᠠ



      ᠪᠤᠭᠤᠲᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠮᠠᠲ᠋ᠧᠷᠢᠶᠠᠯ᠎ᠤᠨ ᠢᠨᠵᠧᠨᠧᠷᠢᠩ᠎ᠤᠨ ᠰᠠᠯᠪᠤᠷᠢ ᠵᠢᠨ ᠡᠷᠬᠢᠯᠡᠭᠴᠢ ᠥᠷᠭᠡᠨ 《ᠴᠡᠷᠢᠭ ᠠᠵᠢᠯᠴᠢᠨ᠎ᠤ ᠵᠣᠷᠢᠭ ᠰᠠᠨᠠᠭ᠎ᠠ᠎ᠪᠠᠷ ᠰᠦᠭ᠎ᠢ ᠱᠤᠭᠤᠵᠤ᠂ 〈ᠭᠤᠷᠪᠠᠨ ᠴᠢᠳᠠᠪᠤᠷᠢ〉 ᠵᠢ ᠪᠡᠬᠢᠵᠢᠭᠦᠯᠵᠦ ᠮᠡᠷᠭᠡᠵᠢᠯ ᠵᠶ᠋ᠠᠨ ᠴᠢᠩᠭ᠋ᠠᠳᠬᠠᠶ᠎ᠠ》 ᠭᠡᠬᠦ ᠰᠡᠳᠦᠪ ᠵᠶ᠋ᠠᠷ ᠰᠠᠨᠠᠯ ᠵᠶ᠋ᠠᠨ ᠰᠣᠯᠢᠯᠴᠠᠪᠠ


      ᠣᠷᠳᠣᠰ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠢ᠌ᠷᠡᠭᠦᠯᠦᠨ
      ᠭᠠᠵᠠᠷ ᠣᠷᠣᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠪᠡ

      ᠣᠷᠳᠣᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠤᠪᠢᠶᠠᠷᠢ ᠶᠠᠷᠢᠶᠠᠨ᠎ᠤ ᠲᠠᠪᠴᠠᠩ᠎ᠳᠤ᠂ ᠬᠤᠷᠠᠯ᠎ᠳᠤ ᠣᠷᠣᠯᠴᠠᠭᠰᠠᠳ ᠡᠩ ᠲᠡᠷᠢᠭᠦᠨ᠎ᠳᠤ ᠳᠡᠭᠡᠳᠦ ᠰᠤᠷᠭ᠋ᠠᠭᠤᠯᠢ ᠵᠢᠨ ᠮᠠᠰᠢᠨ ᠵᠶ᠋ᠠᠷ ᠪᠣᠯᠪᠠᠰᠤᠷᠠᠭᠤᠯᠬᠤ᠂ ᠮᠠᠰᠢᠨ ᠲᠡᠷᠭᠡ ᠪᠠ ᠬᠢᠮᠢ ᠵᠢᠨ ᠠᠵᠤ ᠦᠢ᠍ᠯᠡᠳᠪᠦᠷᠢ ᠵᠢᠨ ᠳᠠᠳᠤᠯᠭ᠎ᠠ ᠪᠣᠯᠪᠠᠰᠤᠷᠠᠯ᠎ᠤᠨ ᠲᠠᠰᠤᠭ᠎ᠲᠤ ᠭᠦᠨᠵᠡᠭᠡᠶ᠋ᠢᠷᠡᠨ ᠲᠣᠭᠣᠷᠢᠨ ᠦᠵᠡᠪᠡ᠃ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠠᠴᠠ ᠳᠡᠭᠡᠳᠦ ᠰᠤᠷᠭ᠋ᠠᠭᠤᠯᠢ ᠵᠢᠨ ᠲᠣᠶ᠋ᠢᠮᠣ ᠪᠠᠶ᠋ᠢᠳᠠᠯ᠂ ᠮᠠᠰᠢᠨ ᠴᠠᠬᠢᠯᠭ᠋ᠠᠨ᠎ᠤ ᠢᠨᠵᠧᠨᠧᠷᠢᠩ᠎ᠤᠨ ᠰᠠᠯᠪᠤᠷᠢ᠂ ᠮᠠᠰᠢᠨ ᠲᠡᠷᠭᠡᠨ᠎ᠤ ᠢᠨᠵᠧᠨᠧᠷᠢᠩ᠎ᠤᠨ ᠰᠠᠯᠪᠤᠷᠢ᠂ ᠬᠢᠮᠢ ᠵᠢᠨ ᠢᠨᠵᠧᠨᠧᠷᠢᠩ᠎ᠤᠨ ᠰᠠᠯᠪᠤᠷᠢ ᠵᠢᠨ ᠦᠨᠳᠦᠰᠦᠨ ᠪᠠᠶ᠋ᠢᠳᠠᠯ ᠵᠢᠴᠢ ᠳᠠᠳᠤᠯᠭ᠎ᠠ ᠪᠣᠯᠪᠠᠰᠤᠷᠠᠯ᠎ᠤᠨ ᠦᠢ᠍ᠯᠡᠳᠪᠦᠷᠢ ᠵᠢᠨ ᠲᠠᠰᠤᠭ᠂ ᠲᠤᠰᠬᠠᠶ ᠮᠡᠷᠭᠡᠵᠢᠯ᠎ᠤᠨ ᠪᠥᠲᠥᠭᠡᠨ ᠪᠠᠶ᠋ᠢᠭᠤᠯᠤᠯᠲᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠤᠷ᠎ᠠ ᠴᠢᠳᠠᠪᠤᠷᠢ ᠵᠢᠨ ᠤᠷᠤᠯᠳᠤᠭ᠋ᠠᠨ᠂ ᠰᠢᠨ᠎ᠡ ᠵᠢ ᠡᠭᠦᠳᠴᠦ ᠦᠢ᠍ᠯᠡᠰ ᠪᠤᠰᠬᠠᠬᠤ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠂ ᠴᠢᠳᠠᠪᠤᠷᠢᠲᠠᠨ ᠬᠥᠮᠦᠵᠢᠭᠦᠯᠬᠦ᠂ ᠨᠡᠶ᠋ᠢᠭᠡᠮ᠎ᠤᠨ ᠦᠢ᠍ᠯᠡᠴᠢᠯᠡᠭᠡ ᠵᠡᠷᠭᠡ ᠪᠠᠶ᠋ᠢᠳᠠᠯ᠎ᠢ ᠨᠠᠷᠢᠨ ᠲᠠᠨᠢᠯᠴᠠᠭᠤᠯᠪᠠ᠃




      ᠲᠠᠷᠠᠭ᠎ᠠ᠎ᠨᠢ᠂ ᠬᠤᠷᠠᠯ᠎ᠳᠤ ᠣᠷᠣᠯᠴᠠᠭᠰᠠᠳ ᠶᠠᠷᠢᠯᠴᠠᠬᠤ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠪᠠ᠃ ᠣᠷᠳᠣᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠵᠠᠬᠢᠷᠤᠯ ᠬᠠᠩ ᠭᠠᠩ ᠣᠷᠳᠣᠰ ᠬᠣᠲᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠪᠠᠶ᠋ᠢᠳᠠᠯ ᠵᠢᠴᠢ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ ᠬᠥᠮᠦᠵᠢᠭᠦᠯᠬᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠡᠷᠭᠡ ᠪᠠᠶ᠋ᠢᠳᠠᠯ᠎ᠢ ᠲᠠᠨᠢᠯᠴᠠᠭᠤᠯᠪᠠ᠃ ᠣᠷᠳᠣᠰ ᠬᠣᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠰᠤᠷᠭ᠋ᠠᠭᠤᠯᠢ ᠵᠢᠨ ᠳᠡᠳ᠋ ᠵᠠᠬᠢᠷᠤᠯ᠂ ᠣᠷᠳᠣᠰ ᠬᠣᠲᠠ ᠵᠢᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ ᠰᠦ᠍ ᠶᠦᠩ ᠴᠢᠩ 《ᠣᠷᠳᠣᠰ᠎ᠤᠨ ᠠᠵᠤ ᠦᠢ᠍ᠯᠡᠰ᠎ᠤᠨ ᠬᠥᠭᠵᠢᠭᠦᠯᠦᠯᠲᠡ ᠵᠢᠨ ᠲᠣᠶ᠋ᠢᠮᠣ ᠪᠠᠶ᠋ᠢᠳᠠᠯ》 ᠭᠡᠬᠦ ᠲᠤᠰᠬᠠᠶ ᠰᠡᠳᠦᠪᠲᠦ ᠲᠠᠶ᠋ᠢᠯᠤᠮᠵᠢ ᠬᠢᠵᠦ᠂ 《ORDOS》 ᠭᠡᠬᠦ ᠲᠠᠪᠤᠨ ᠲᠦᠷᠦᠭᠦᠦ ᠥᠰᠥᠭ᠎ᠢ ᠵᠠᠳᠠᠯᠬᠤ᠎ᠪᠠᠷ ᠳᠠᠮᠵᠢᠭᠤᠯᠤᠨ᠂ ᠣᠷᠳᠣᠰ᠎ᠤᠨ ᠣᠯᠠᠨ ᠳᠠᠪᠬᠤᠷ ᠬᠠᠷᠢᠶᠠᠲᠤ ᠴᠢᠨᠠᠷ ᠪᠠ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠳᠤ ᠲᠠᠶ᠋ᠢᠯᠤᠮᠵᠢ ᠬᠢᠪᠠ᠃ ᠡᠨᠡ ᠤᠳᠠᠭ᠋ᠠᠨ᠎ᠤ ᠶᠠᠷᠢᠶᠠᠨ᠎ᠤ ᠲᠠᠪᠴᠠᠩ᠎ᠳᠤ ᠪᠠᠰᠠ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠲᠥᠯᠥᠭᠡᠯᠡᠭᠴᠢ ᠤᠷᠳᠤᠰ ᠬᠤᠳᠠ ᠵᠢᠨ ᠯᠦᠩ ᠵᠢᠢ ᠭᠤᠸᠠᠩ ᠹᠦ᠋ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠾᠦᠢ ᠨᠸᠩ ᠪᠦᠯᠦᠭᠯᠡᠯ᠎ᠤᠨ ᠵᠦᠸᠸ ᠵᠧᠩ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠤᠷᠢᠵᠤ ᠰᠠᠨᠠᠯ ᠵᠶ᠋ᠠᠨ ᠰᠣᠯᠢᠯᠴᠠᠪᠠ᠃
      ᠡᠴᠦᠰ᠎ᠲᠤ᠂ ᠬᠤᠷᠠᠯ᠎ᠳᠤ ᠣᠷᠣᠯᠴᠠᠭᠰᠠᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠰᠢᠰᠲ᠋ᠧᠮ᠂ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢ ᠶᠠᠭ᠋ᠠᠬᠢᠵᠤ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠠᠭᠤᠰᠤᠯᠴᠠᠭ᠎ᠠ ᠵᠢ ᠭᠦᠨᠵᠡᠭᠡᠶ᠋ᠢᠷᠡᠭᠦᠯᠬᠦ᠂ ᠲᠤᠰᠬᠠᠶ ᠮᠡᠷᠭᠡᠵᠢᠯ᠎ᠢ ᠬᠠᠮᠲᠤ᠎ᠳᠤ᠎ᠪᠠᠨ ᠪᠠᠶ᠋ᠢᠭᠤᠯᠬᠤ᠂ ᠴᠢᠳᠠᠪᠤᠷᠢᠲᠠᠨ᠎ᠢ ᠬᠠᠮᠲᠤ᠎ᠳᠤ᠎ᠪᠠᠨ ᠬᠥᠮᠦᠵᠢᠭᠦᠯᠬᠦ ᠵᠢ ᠴᠢᠩᠭ᠋ᠠᠳᠬᠠᠬᠤ᠂ ᠰᠤᠷᠤᠭᠴᠢᠳ᠎ᠤᠨ ᠦᠢ᠍ᠯᠡᠳᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠠᠵᠤ ᠦᠢ᠍ᠯᠡᠰ᠎ᠤᠨ ᠬᠥᠭᠵᠢᠯᠲᠡ᠎ᠳᠤ   ᠦᠢ᠍ᠯᠡᠴᠢᠯᠡᠬᠦ ᠵᠡᠷᠭᠡ ᠵᠢᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠵᠤ᠂ ᠬᠠᠮᠲᠤ᠎ᠳᠤ᠎ᠪᠠᠨ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ᠎ᠳᠤ ᠰᠠᠨᠠᠯ ᠪᠠ ᠰᠠᠨᠠᠭᠤᠯᠭ᠎ᠠ ᠳᠤᠷᠠᠳᠤᠨ ᠠᠷᠭ᠎ᠠ ᠤᠬᠠᠭ᠋ᠠᠨ ᠠᠷᠭ᠎ᠠ ᠪᠣᠳᠤᠯᠭ᠎ᠠ ᠰᠦᠪᠡᠭᠴᠢᠯᠡᠪᠡ᠃




      ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ

    ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ


      ᠣᠷᠳᠣᠰ ᠬᠣᠲᠠ ᠵᠢᠨ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠬᠣᠯᠪᠣᠭ᠎ᠠ ᠵᠢᠴᠢ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠶᠠᠪᠤᠵᠤ ᠣᠷᠣᠬᠤ》 ᠡᠬᠢᠯᠡᠯᠲᠡ ᠵᠢᠨ ᠶᠣᠰᠣᠯᠠᠯ



      ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠬᠤ ᠵᠢᠨ ᠲᠥᠯᠥᠭᠡ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠷᠳᠣᠰ ᠬᠣᠲᠠ ᠵᠢᠨ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠬᠦᠴᠦᠲᠡᠶ ᠠᠬᠢᠭᠤᠯᠤᠨ᠂ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠶᠠᠪᠤᠵᠤ ᠣᠷᠣᠬᠤ》 ᠵᠢ ᠪᠣᠳᠠᠲᠠᠶ ᠪᠥᠭᠡᠳ ᠨᠠᠷᠢᠯᠢᠭ ᠬᠡᠷᠡᠭᠵᠢᠭᠦᠯᠬᠦ ᠠᠷᠭ᠎ᠠ ᠵᠠᠮ᠂ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠰᠢᠨ᠎ᠡ ᠪᠠᠶ᠋ᠢᠳᠠᠯ᠎ᠢ ᠬᠠᠮᠲᠤ᠎ᠳᠤ᠎ᠪᠠᠨ ᠨᠡᠭᠡᠭᠡᠬᠦ ᠵᠢᠨ ᠲᠥᠯᠦᠭᠡ᠂ ᠣᠷᠳᠣᠰ ᠬᠣᠲᠠ ᠵᠢᠨ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠬᠣᠯᠪᠣᠭ᠎ᠠ ᠵᠢᠴᠢ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠶᠠᠪᠤᠵᠤ ᠣᠷᠣᠬᠤ》 ᠡᠬᠢᠯᠡᠯᠲᠡ ᠵᠢᠨ ᠶᠣᠰᠣᠯᠠᠯ᠎ᠢ ᠣᠷᠳᠣᠰ ᠬᠣᠲᠠ ᠵᠢᠨ ᠣᠲᠣᠭ ᠬᠣᠰᠢᠭᠤᠨ᠎ᠳᠤ ᠦᠪᠡᠳᠡᠭᠰᠢ ᠶᠡᠬᠡ᠎ᠪᠠᠷ   ᠶᠠᠪᠤᠭᠳᠠᠭᠤᠯᠪᠠ᠃



      ᠣᠷᠳᠣᠰ ᠬᠣᠲᠠ ᠵᠢᠨ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠬᠣᠯᠪᠤᠭ᠋ᠠᠨ᠎ᠤ ᠫᠠᠶ᠋ᠢᠰᠠ ᠰᠡᠬᠦᠬᠦ ᠶᠣᠰᠣᠯᠠᠯ



      ᠣᠲᠣᠭ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠰᠢᠭᠤᠨ ᠳᠠᠷᠤᠭ᠎ᠠ ᠼᠦᠢ ᠵᠢᠩ ᠣᠲᠣᠭ ᠬᠣᠰᠢᠭᠤᠨ᠎ᠤ ᠲᠣᠶ᠋ᠢᠮᠣ ᠪᠠᠶ᠋ᠢᠳᠠᠯ᠂ ᠣᠲᠣᠭ ᠬᠣᠰᠢᠭᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠪᠠᠶ᠋ᠢᠳᠠᠯ ᠵᠢᠴᠢ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ ᠬᠥᠮᠥᠵᠢᠭᠦᠯᠵᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠨ᠂ ᠰᠤᠷᠭ᠋ᠠᠭᠤᠯᠢ ᠪᠠ ᠠᠵᠤ ᠠᠬᠤᠶ᠋ᠢᠯᠠᠯ᠎ᠢ ᠬᠠᠮᠲᠤ᠎ᠳᠤ᠎ᠪᠠᠨ ᠪᠠᠢ᠌ᠭᠤᠯᠤᠭᠰᠠᠨ ᠵᠡᠷᠭᠡ ᠪᠠᠶ᠋ᠢᠳᠠᠯ᠎ᠢ ᠲᠠᠨᠢᠯᠴᠠᠭᠤᠯᠪᠠ᠃ ᠣᠲᠣᠭ ᠬᠣᠰᠢᠭᠤ ᠦᠷᠭᠦᠯᠵᠢᠯᠡᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ᠎ᠳᠤ ᠠᠩᠬᠠᠷᠤᠯ ᠵᠶ᠋ᠠᠨ ᠬᠠᠨᠳᠤᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠥᠷᠲᠡᠭ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠦᠨᠡᠨ ᠬᠦ᠌ ᠰᠠᠶ᠋ᠢᠲᠤᠷ ᠪᠠᠳᠠᠷᠠᠭᠤᠯᠵᠤ᠂ ᠨᠠᠩ ᠣᠯᠠᠨ ᠲᠠᠰ ᠳᠠᠪᠬᠤᠷᠭ᠋ᠠᠲᠤ᠂ ᠴᠢᠨᠠᠷ ᠴᠢᠨᠰᠠᠭ᠋ᠠᠲᠤ᠂ ᠥᠪᠡᠷᠮᠢᠴᠡ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠨᠢᠭᠡ ᠴᠣᠭᠴᠠᠵᠢᠭᠤᠯᠤᠭᠰᠠᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠬᠦᠴᠦᠯᠡᠨ ᠴᠣᠭᠴᠠᠯᠠᠵᠤ᠂ ᠪᠠᠭᠰᠢ ᠰᠤᠷᠤᠭᠴᠢᠳ᠎ᠤᠨ ᠬᠠᠮᠲᠤ᠎ᠳᠤ᠎ᠪᠠᠨ ᠦᠰᠦᠨ ᠪᠣᠶ᠋ᠢᠵᠢᠬᠤ ᠬᠥᠭᠵᠢᠯᠲᠡ ᠵᠢᠨ ᠲᠠᠪᠴᠠᠩ᠎ᠢ ᠪᠠᠶ᠋ᠢᠭᠤᠯᠤᠨ᠎ᠠ᠃



      ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠵᠠᠬᠢᠷᠤᠯ ᠯᠢ ᠴᠦᠨ ᠾᠦᠢ ᠫᠷᠤᠹᠧᠰᠰᠤᠷ᠎ᠠᠴᠠ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠎ᠠᠴᠠ ᠭᠠᠷᠳᠠᠨ᠂ ᠬᠢᠴᠢᠶᠡᠯ᠎ᠢ ᠰᠤᠳᠤᠯᠤᠨ ᠶᠠᠷᠢᠯᠴᠠᠬᠤ᠂ ᠶᠠᠷᠢᠶᠠᠨ᠎ᠤ ᠲᠠᠪᠴᠠᠩ᠎ᠳᠤ ᠰᠣᠯᠢᠯᠴᠠᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠣᠷᠳᠣᠰ ᠬᠣᠲᠠ ᠵᠢᠨ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠠᠯᠬᠤᠮ ᠠᠯᠬᠤᠮ ᠵᠶ᠋ᠠᠷ ᠠᠬᠢᠭᠤᠯᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠷᠳᠡᠮ ᠰᠢᠨᠵᠢᠯᠡᠭᠡᠨ᠎ᠤ ᠬᠢᠷᠢ ᠲᠦᠪᠰᠢᠨ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠡᠷᠭᠡ ᠲᠠᠯ᠎ᠠ ᠵᠢᠨ ᠥᠭᠡᠷᠡᠴᠢᠯᠡᠯᠲᠡ ᠰᠢᠨᠡᠴᠢᠯᠡᠯᠲᠡ ᠵᠢ ᠵᠡᠷᠭᠡ᠎ᠪᠠᠷ ᠠᠬᠢᠭᠤᠯᠬᠤ ᠬᠡᠷᠡᠭᠲᠡᠶ᠃ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠳᠤᠯᠭ᠋ᠠᠨ᠎ᠢ ᠳᠠᠬᠢᠨ ᠰᠢᠨ᠎ᠡ ᠲᠦᠪᠰᠢᠨ᠎ᠳᠤ ᠬᠦᠷᠭᠡᠵᠦ᠂ ᠴᠢᠳᠠᠪᠤᠷᠢᠲᠠᠨ ᠬᠥᠮᠦᠵᠢᠭᠦᠯᠬᠦ ᠠᠵᠢᠯ᠎ᠢ ᠳᠠᠬᠢᠨ ᠴᠢᠨᠠᠷᠯᠢᠭ ᠪᠣᠯᠭ᠋ᠠᠵᠤ᠂ ᠨᠡᠶ᠋ᠢᠭᠡᠮ᠎ᠤᠨ ᠦᠢ᠍ᠯᠡᠴᠢᠯᠡᠭᠡᠨ᠎ᠤ ᠲᠦᠪᠰᠢᠨ᠎ᠢ ᠳᠠᠬᠢᠨ ᠰᠢᠨ᠎ᠡ ᠳᠡᠭᠲᠡᠷ᠎ᠲᠤ ᠭᠠᠷᠭ᠋ᠠᠵᠤ᠂ ᠪᠥᠬᠥ ᠬᠣᠲᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ᠎ᠳᠤ ᠨᠠᠩ ᠬᠦᠴᠦᠲᠡᠶ ᠴᠢᠳᠠᠪᠤᠷᠢᠲᠠᠨ᠎ᠤ ᠲᠤᠯᠭ᠋ᠠᠭᠤᠷᠢᠯᠠᠯ ᠪᠠ ᠣᠶᠤᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃



      ᠣᠲᠣᠭ ᠬᠣᠰᠢᠭᠤᠨ᠎ᠤ ᠦᠨᠳᠦᠰᠦᠲᠡᠨ᠎ᠤ ᠶᠡᠷᠦᠩᠬᠡᠶ᠋ᠢᠯᠡᠭᠰᠡᠨ ᠠᠵᠢᠯ ᠮᠡᠷᠭᠡᠵᠢᠯ᠎ᠤᠨ ᠳᠤᠮᠳᠠᠳᠤ ᠰᠤᠷᠭ᠋ᠠᠭᠤᠯᠢ ᠵᠢᠨ ᠪᠠᠭᠰᠢ ᠱᠠᠩ ᠹᠠᠨ ᠴᠢ ᠵᠢᠨ ᠵᠢᠭ᠋ᠠᠨ ᠰᠤᠷᠭ᠋ᠠᠯᠲᠠ ᠵᠢᠨ ᠦᠵᠡᠭᠦᠯᠭᠡ



      ᠵᠡᠭᠦᠨᠭ᠋ᠠᠷ ᠬᠣᠰᠢᠭᠤᠨ᠎ᠤ ᠠᠵᠢᠯ ᠮᠡᠷᠭᠡᠵᠢᠯ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠬᠤᠸᠠᠩ ᠵᠢᠩ᠎ᠤᠨ ᠵᠢᠭ᠋ᠠᠨ ᠰᠤᠷᠭ᠋ᠠᠯᠲᠠ ᠵᠢᠨ   ᠦᠵᠡᠭᠦᠯᠭᠡ



      ᠣᠷᠳᠣᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠯᠢ ᠢ ᠧᠨ᠎ᠤ ᠵᠢᠭ᠋ᠠᠨ ᠰᠤᠷᠭ᠋ᠠᠯᠲᠠ ᠵᠢᠨ ᠦᠵᠡᠭᠦᠯᠭᠡ



      ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠦ᠍ ᠢᠦᠶ ᠵᠢᠨ ᠵᠢᠭ᠋ᠠᠨ ᠰᠤᠷᠭ᠋ᠠᠯᠲᠠ ᠵᠢᠨ ᠦᠵᠡᠭᠦᠯᠭᠡ



      ᠵᠤᠤ ᠶᠧ ᠲᠢᠶᠠᠨ ᠫᠷᠤᠹᠧᠰᠰᠤᠷ ᠪᠠ ᠬᠥ᠋ ᠵᠢᠶᠧ ᠪᠠᠭᠰᠢ᠎ᠠᠴᠠ 4 ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢ ᠭᠣᠢ᠌ᠳᠠ ᠰᠠᠢ᠌ᠬᠠᠨ ᠦᠨᠡᠯᠡᠪᠡ



      ᠯᠢ ᠴᠦᠨ ᠾᠦᠢ ᠫᠷᠤᠹᠧᠰᠰᠤᠷ ᠣᠷᠳᠣᠰ᠎ᠤᠨ ᠰᠧ ᠶᠤᠸᠠᠨ· ᠮᠠᠯᠵᠢᠯ᠎ᠤᠨ ᠲᠠᠯᠠᠪᠠᠶ᠎ᠳᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠶᠠᠪᠤᠵᠤ ᠣᠷᠣᠬᠤ》 ᠵᠢ ᠪᠡᠶᠡᠯᠡᠭᠦᠯᠪᠡ





      ᠯᠢ ᠴᠦᠨ ᠾᠦᠢ ᠫᠷᠤᠹᠸᠰᠰᠤᠷ ᠤᠳᠤᠭ ᠬᠣᠰᠢᠭᠤᠨ᠎ᠤ ᠲᠣᠭᠣᠷᠢᠮ᠎ᠤᠨ ᠬᠤᠪᠢᠰᠬᠠᠯᠲᠤ ᠰᠣᠶᠣᠯ᠎ᠤᠨ ᠬᠥᠭᠵᠢᠯᠲᠡ ᠵᠢᠨ ᠲᠥᠪ ᠪᠣᠯᠤᠨ ᠲᠣᠭᠣᠷᠢᠮ᠎ᠤᠨ ᠶᠠᠫᠣᠨ᠎ᠢ ᠡᠰᠡᠷᠭᠦᠴᠡᠬᠦ ᠰᠠᠭᠤᠷᠢᠨ ᠭᠠᠵᠠᠷ᠎ᠤᠨ ᠦᠵᠡᠭᠦᠯᠭᠡ ᠵᠢᠨ ᠣᠷᠳᠣᠨ᠎ᠳᠤ 《ᠥᠪᠥᠷ ᠮᠣᠩᠭᠣᠯ ᠶᠠᠭ᠋ᠠᠬᠢᠭ᠋ᠠᠳ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠤᠯᠵᠤ ᠴᠢᠳᠠᠭᠰᠠᠨ ᠪᠤᠢ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠭᠡᠬᠦ ᠡᠨᠡ ᠬᠦ᠌ ᠡᠷᠬᠢᠮ ᠳᠡᠭᠡᠳᠦ ᠢᠷᠠᠭᠤ ᠠᠯᠳᠠᠷ᠎ᠢ ᠶᠠᠭ᠋ᠠᠬᠢᠵᠤ ᠰᠠᠶ᠋ᠢᠲᠤᠷ ᠬᠠᠮᠠᠭ᠋ᠠᠯᠠᠬᠤ ᠪᠤᠢ》 ᠭᠡᠬᠦ ᠠᠰᠠᠭᠤᠳᠠᠯ᠎ᠤᠨ ᠲᠣᠭᠣᠷᠢᠨ᠎ᠳᠤ ᠨᠠᠷᠢᠨ ᠲᠠᠶ᠋ᠢᠯᠪᠤᠷᠢᠯᠠᠵᠤ᠂ 《ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠶᠠᠪᠤᠵᠤ ᠣᠷᠣᠬᠤ》 ᠶᠠᠪᠤᠴᠠ᠎ᠳᠤ ᠰᠤᠷᠤᠭᠴᠢᠳ ᠬᠢᠴᠢᠶᠡᠯ᠎ᠤᠨ ᠭᠡᠷ᠎ᠲᠤ ᠰᠠᠭᠤᠵᠤ ᠬᠢᠴᠢᠶᠡᠯ ᠰᠣᠨᠣᠰᠬᠤ ᠲᠡᠳᠦᠢ ᠪᠢᠰᠢ᠂ ᠬᠠᠷᠢᠨ ᠪᠣᠳᠠᠲᠤ ᠠᠮᠢᠳᠤᠷᠠᠯ᠎ᠠᠴᠠ᠂ ᠦᠢ᠍ᠯᠡᠳᠦᠯᠭᠡ᠎ᠠᠴᠠ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠦᠨ᠎ᠡ ᠦᠷᠳᠡᠭ᠎ᠢ ᠮᠡᠳᠡᠷᠡᠵᠦ᠂ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠢ 《ᠥᠷᠨᠢᠭᠦᠯᠵᠦ》᠂ 《ᠠᠮᠢᠯᠠᠭᠤᠯᠵᠤ》 ᠡᠬᠢᠯᠡᠪᠡ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — 2023 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ ᠬᠤᠪᠢᠶᠠᠷᠢ ᠶᠠᠷᠢᠶᠠᠨ᠎ᠤ ᠲᠠᠪᠴᠠᠩ (ᠬᠣᠶᠠᠷ)
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠᠶᠠᠨᠨᠠᠭᠤᠷ ᠬᠣᠲᠠ᠎ᠳᠤ ᠬᠦᠷᠴᠦ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠵᠠᠭᠪᠤᠷ᠎ᠤᠨ ᠠᠷᠭ᠎ᠠ ᠵᠠᠮ᠎ᠤᠨ ᠰᠤᠳᠤᠯᠭ᠋ᠠᠨ》᠎ᠢ ᠪᠠᠢ᠌ᠴᠠᠭ᠋ᠠᠨ ᠰᠣᠳᠤᠯᠬᠤ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠵᠠᠭᠪᠤᠷ᠎ᠤᠨ ᠰᠣᠳᠤᠯᠭ᠋ᠠᠨ》᠎ᠤ ᠠᠵᠢᠯ᠎ᠢ ᠪᠠᠶ᠋ᠢᠴᠠᠭ᠋ᠠᠨ ᠰᠤᠳᠤᠯᠪᠠ — ᠭᠤᠤᠯ ᠰᠡᠳᠦᠪᠲᠦ ᠬᠥᠮᠦᠵᠢᠯ·ᠪᠠᠶ᠋ᠢᠴᠠᠭ᠋ᠠᠨ ᠰᠤᠳᠤᠯᠤᠯᠲᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠳᠠᠭᠤᠷᠢᠶᠠᠯ ᠦᠵᠡᠭᠦᠯᠬᠦ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠪᠠᠶ᠋ᠢᠴᠠᠭ᠋ᠠᠨ ᠰᠤᠳᠤᠯᠪᠠ — ᠭᠤᠤᠯ ᠰᠡᠳᠦᠪᠲᠦ ᠬᠥᠮᠦᠵᠢᠯ·ᠪᠠᠶ᠋ᠢᠴᠠᠭ᠋ᠠᠨ ᠰᠤᠳᠤᠯᠤᠯᠲᠠ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — ᠦᠬᠠᠶ ᠬᠣᠲᠠ ᠵᠢᠨ ᠴᠢᠨᠠᠷᠯᠢᠭ ᠲᠡᠩᠴᠡᠭᠦᠷᠢᠲᠡᠶ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠢᠨ᠎ᠡ ᠵᠢᠷᠤᠭᠯᠠᠯ
 
             蒙ICP备05000248号