ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ 2022 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠭᠤᠤᠯ ᠠᠮᠵᠢᠯᠲᠠ ᠵᠢ ᠪᠦᠷᠢᠳᠬᠡᠨ ᠳ᠋ᠦᠩᠨᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠬᠦᠴᠢᠷᠳᠡᠯ᠎ᠤᠨ ᠵᠠᠩᠭᠢᠯᠠᠭ᠎ᠠ ᠵᠢ ᠡᠮᠬᠢᠯᠡᠨ ᠡᠵᠡᠮᠰᠢᠵᠦ᠂ 2023 ᠣᠨ᠎ᠤ ᠭᠤᠤᠯᠳᠠᠯᠭ᠎ᠠ᠎ᠲᠠᠢ ᠡᠭᠦᠷᠭᠡ ᠵᠢ ᠪᠠᠶ᠋ᠢᠷᠢᠯᠠᠭᠤᠯᠪᠠ᠃ ᠬᠤᠷᠠᠯ᠎ᠠᠴᠠ ᠵᠢᠷᠭᠤᠭ᠋ᠠᠨ ᠬᠤᠪᠢᠶᠠᠷᠢ ᠶᠠᠷᠢᠶᠠᠨ᠎ᠤ ᠲᠠᠪᠴᠠᠩ᠎ᠢ ᠪᠠᠶ᠋ᠢᠷᠢᠯᠠᠭᠤᠯᠵᠤ᠂ ᠡᠯ᠎ᠡ ᠳᠠᠭ᠋ᠠᠭ᠋ᠠᠴᠢᠯᠠᠨ ᠭᠦᠢ᠍ᠴᠡᠳᠭᠡᠬᠦ ᠳᠡᠭᠡᠳᠦ ᠰᠤᠷᠭ᠋ᠠᠭᠤᠯᠢ᠎ᠠᠴᠠ ᠲᠣᠰ ᠲᠣᠰ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠬᠠᠯᠠᠮᠰᠢᠯ ᠠᠰᠠᠭᠤᠳᠠᠯ᠎ᠤᠨ ᠲᠣᠭᠣᠷᠢᠨ᠎ᠳᠤ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯᠲᠡᠨ᠂ ᠠᠵᠤ ᠠᠬᠤᠶ᠋ᠢᠯᠠᠯ᠎ᠤᠨ ᠲᠥᠯᠥᠭᠡᠯᠡᠭᠴᠢ ᠵᠢ ᠤᠷᠢᠵᠤ ᠬᠠᠮᠲᠤ᠎ᠳᠤ᠎ᠪᠠᠨ ᠰᠣᠯᠢᠯᠴᠠᠨ ᠶᠠᠷᠢᠯᠴᠠᠪᠠ᠂ ᠬᠤᠪᠢᠶᠠᠷᠢ ᠶᠠᠷᠢᠶᠠᠨ᠎ᠤ ᠲᠠᠪᠴᠠᠩ᠎ᠤᠨ ᠠᠬᠤᠶ ᠲᠠᠯᠠᠪᠠᠶ ᠵᠢ ᠬᠠᠮᠲᠤ᠎ᠳᠤ᠎ᠪᠠᠨ ᠦᠵᠡᠵᠡᠭᠡᠶ᠎ᠡ —
ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠰᠢᠨ᠎ᠡ ᠴᠠᠭ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ
ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠠᠵᠢᠯ ᠮᠡᠷᠭᠡᠵᠢᠯ
ᠤᠨ ᠰᠤᠷᠭ᠋ᠠᠨ ᠬᠥᠮᠦᠵᠢᠯ ᠤᠨ ᠴᠢᠨᠠᠷᠯᠢᠭ ᠬᠥᠭᠵᠢᠯᠲᠡ ᠵᠢ ᠠᠬᠢᠭᠤᠯᠪᠠ

ᠶᠠᠷᠢᠯᠴᠠᠬᠤ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠡᠷᠳᠡᠮᠲᠡᠳ ᠥᠪᠡᠷ ᠥᠪᠡᠷ᠎ᠤᠨ ᠦᠵᠡᠯᠲᠡ᠎ᠪᠠᠨ ᠢᠯᠡᠳᠬᠡᠵᠦ᠂ ᠣᠳᠣᠬᠠᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠯᠣᠭᠢᠭ᠎ᠤᠨ ᠭᠠᠷᠤᠭ᠎ᠠ᠂ ᠦᠢ᠍ᠯᠡᠳᠦᠯᠭᠡ ᠵᠢᠨ ᠡᠪᠡᠷᠰᠢᠶᠡᠯ ᠪᠣᠯᠤᠨ ᠰᠢᠪᠲᠤᠯᠤᠯᠲᠠ ᠵᠢᠨ ᠭᠤᠤᠯᠳᠠᠯᠭ᠎ᠠ ᠵᠢ ᠭᠦᠨᠵᠡᠭᠡᠶ ᠵᠠᠳᠠᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠨᠠᠷᠢᠨ ᠨᠢᠮᠪᠠᠢ ᠰᠣᠳᠤᠯᠵᠤ ᠰᠠᠢ᠌ᠵᠢᠷᠠᠭᠤᠯᠬᠤ ᠠᠷᠭ᠎ᠠ ᠤᠬᠠᠭ᠋ᠠᠨ ᠳᠤᠷᠠᠳᠴᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠪᠡ᠃

ᠰᠤᠷᠭ᠋ᠠᠨ ᠬᠥᠮᠦᠵᠢᠯ᠎ᠤᠨ ᠶᠠᠮᠤᠨ᠎ᠤ ᠦᠨᠡᠯᠡᠨ ᠵᠢᠱ᠌ᠢᠬᠦ ᠲᠥᠪ᠎ᠤᠨ ᠤᠤᠯ᠎ᠤᠨ ᠳᠡᠳ᠋ ᠡᠷᠬᠢᠯᠡᠭᠴᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠢ ᠭᠡᠷᠡᠴᠢᠯᠡᠵᠦ ᠳ᠋ᠦᠩᠨᠡᠵᠦ ᠬᠢᠨᠠᠨ ᠵᠥᠪᠯᠡᠬᠦ ᠵᠥᠪᠯᠡᠯ᠎ᠤᠨ ᠭᠡᠰᠢᠭᠦᠨ᠂ ᠳᠤᠮᠳᠠᠳᠤ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠨᠡᠶ᠋ᠢᠭᠡᠮᠯᠢᠭ᠎ᠤᠨ ᠡᠷᠳᠡᠮ ᠰᠢᠨᠵᠢᠯᠡᠭᠡᠨ᠎ᠤ ᠵᠥᠪᠯᠡᠯ᠎ᠤᠨ ᠭᠡᠰᠢᠭᠦᠨ᠂ ᠰᠤᠳᠤᠯᠤᠭᠴᠢ ᠯᠢ ᡁᠢ ᠾᠥᠩ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ᠎ᠨᠢ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠷ᠎ᠡ ᠪᠦᠲᠦᠮᠵᠢ᠎ᠪᠠᠷ ᠦᠨᠳᠦᠰᠦᠨ ᠪᠠᠷᠢᠮᠵᠢᠶ᠎ᠠ ᠪᠣᠯᠭ᠋ᠠᠬᠤ ᠵᠢ ᠪᠠᠷᠢᠮᠲᠠᠯᠠᠨ᠂ ᠰᠤᠷᠭ᠋ᠠᠭᠤᠯᠢ ᠡᠷᠬᠢᠯᠡᠬᠦ ᠣᠨᠴᠠᠯᠢᠭ᠎ᠢ ᠦᠨᠡᠯᠡᠬᠦ ᠪᠠ ᠨᠡᠶ᠋ᠢᠭᠡᠮ᠎ᠤᠨ ᠴᠢᠳᠠᠮᠵᠢ ᠵᠢ ᠦᠨᠡᠯᠡᠬᠦ ᠵᠢ ᠲᠣᠪᠤᠢ᠌ᠯᠭ᠋ᠠᠵᠤ᠂ ᠰᠤᠷᠭ᠋ᠠᠭᠤᠯᠢ ᠡᠷᠭᠢᠯᠡᠬᠦ ᠬᠦᠷᠢᠶᠡᠨ᠎ᠳᠤ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠢ᠌ᠷᠡᠭᠦᠯᠦᠨ᠂ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠤᠨ ᠲᠠᠯ᠎ᠠ᠎ᠪᠠᠷ 《ᠪᠠᠭᠰᠢ᠂ ᠵᠢᠭ᠋ᠠᠬᠤ ᠮᠠᠲ᠋ᠧᠷᠢᠶᠠᠯ᠂ ᠵᠢᠭ᠋ᠠᠬᠤ ᠠᠷᠭ᠎ᠠ》 ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠤᠭᠴᠢᠳ᠎ᠤᠨ ᠴᠢᠳᠠᠪᠤᠷᠢ ᠵᠢ ᠦᠨᠡᠯᠡᠬᠦ ᠲᠠᠯ᠎ᠠ᠎ᠪᠠᠷ ᠰᠤᠷᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠢᠨᠠᠨ ᠰᠢᠯᠭ᠋ᠠᠬᠤ ᠵᠢ ᠴᠢᠩᠭ᠋ᠠᠷᠠᠭᠤᠯᠵᠤ᠂ ᠵᠠᠰᠠᠯᠲᠠ ᠵᠢᠨ ᠵᠠᠭᠪᠤᠷ᠎ᠤᠨ ᠲᠠᠯ᠎ᠠ᠎ᠪᠠᠷ ᠳᠣᠲᠣᠭ᠋ᠠᠳᠤ ᠵᠢᠨ ᠴᠢᠨᠠᠷ ᠴᠢᠨᠰᠠᠭ᠎ᠠ ᠵᠢ ᠪᠠᠲᠤᠯᠠᠬᠤ ᠳᠣᠭᠲᠠᠯᠴᠠᠭ᠎ᠠ ᠵᠢ ᠭᠦᠨᠵᠡᠭᠡᠢ᠌ᠷᠡᠭᠦᠯᠦᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ ᠭᠡᠪᠡ᠃

ᠨᠠᠨᠵᠢᠩ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ᠂ ᠰᠤᠳᠤᠯᠤᠭᠴᠢ ᠦ᠋ ᠰᠢᠤᠸᠠᠢ ᠮᠢᠨ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯ ᠨᠠᠩ ᠥᠨᠳᠥᠷ ᠲᠠᠰ ᠳᠠᠪᠬᠤᠷᠭ᠎ᠠ ᠵᠢᠨ᠂ ᠨᠠᠩ ᠥᠨᠳᠥᠷ ᠬᠢᠷᠢ ᠲᠦᠪᠰᠢᠨ ᠪᠥᠬᠥᠶ ᠰᠢᠨ᠎ᠡ ᠵᠢ ᠡᠭᠦᠳᠬᠦ ᠬᠡᠯᠪᠡᠷᠢ ᠵᠢᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠴᠡᠭᠡ᠎ᠳᠤ ᠵᠣᠬᠢᠴᠠᠵᠤ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠬᠤ᠂ ᠠᠵᠤ ᠦᠢ᠍ᠯᠡᠳᠪᠦᠷᠢ ᠪᠠ ᠰᠤᠷᠭ᠋ᠠᠭᠤᠯᠢ ᠤᠶᠠᠯᠳᠤᠬᠤ ᠵᠢ ᠴᠢᠳᠠᠪᠤᠷᠢᠲᠠᠨ ᠬᠥᠮᠦᠵᠢᠭᠦᠯᠬᠦ ᠪᠥᠬᠥ ᠶᠠᠪᠤᠴᠠ᠎ᠳᠤ ᠠᠭᠤᠰᠬᠠᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠠᠭᠤᠰᠤᠯᠴᠠᠨ ᠬᠥᠮᠦᠨ ᠬᠥᠮᠦᠵᠢᠭᠦᠯᠬᠦ ᠠᠮᠢ ᠠᠬᠤᠶ ᠵᠢᠨ ᠳᠣᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠶ ᠭᠡᠵᠡᠶ᠃

ᠤᠯᠤᠰ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠵᠥᠪᠯᠡᠯ᠎ᠤᠨ ᠡᠷᠬᠢᠯᠡᠭᠴᠢ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠳᠤᠯᠭ᠋ᠠᠨ᠎ᠤ ᠲᠥᠪ᠎ᠤᠨ ᠡᠷᠬᠢᠯᠡᠭᠴᠢ᠂ ᠰᠤᠳᠤᠯᠤᠭᠴᠢ᠂ ᠫᠷᠦᠹᠸᠰᠰᠤᠷ ᠰᠢᠩ ᠾᠦᠢ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢᠨ ᠵᠠᠭᠪᠤᠷ᠎ᠢ ᠤᠯᠠᠨ ᠬᠠᠷᠠᠭ᠋ᠠᠰᠤ᠎ᠠᠴᠠ ᠪᠣᠳᠣᠯᠬᠢᠯᠠᠵᠤ᠂ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ ᠪᠣᠯᠤᠨ ᠠᠷᠠᠳ ᠤᠯᠠᠨ᠎ᠤ ᠤᠯᠠᠨ ᠶᠠᠩᠵᠤᠴᠢᠯᠠᠭᠰᠠᠨ᠂ ᠴᠢᠨᠠᠷᠯᠢᠭ ᠰᠤᠷᠭ᠋ᠠᠨ ᠬᠥᠮᠦᠵᠢᠯ᠎ᠤᠨ ᠬᠡᠷᠡᠭᠴᠡᠭᠡ᠎ᠳᠤ ᠵᠣᠬᠢᠴᠠᠵᠤ᠂ ᠥᠪᠡᠷ᠎ᠤᠨ ᠪᠠᠢ᠌ᠭᠤᠯᠤᠯ ᠲᠣᠭᠲᠠᠴᠠ ᠵᠢᠴᠢ ᠲᠦᠷᠢᠮ᠎ᠤᠨ ᠪᠠᠢ᠌ᠷᠢᠰᠢᠯᠠᠭᠤᠯᠤᠯᠲᠠ ᠵᠢ ᠨᠡᠩ ᠬᠡᠯᠪᠡᠷᠢᠵᠢᠭᠦᠯᠬᠦ᠂ ᠲᠤᠰᠬᠠᠢ ᠮᠡᠷᠭᠡᠵᠢᠯ᠎ᠤᠨ ᠪᠦᠲᠦᠴᠡ ᠵᠢ ᠨᠡᠩ ᠰᠢᠯᠢᠳᠡᠭᠵᠢᠭᠦᠯᠬᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠠᠭᠤᠰᠤᠯᠴᠠᠭ᠋ᠠᠨ᠎ᠤ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ ᠨᠤᠷᠮ᠎ᠠ ᠵᠢ ᠨᠡᠩ ᠶᠡᠬᠡ ᠪᠣᠯᠭ᠋ᠠᠨ᠎ᠠ ᠭᠡᠵᠦ ᠢᠯᠡᠳᠬᠡᠪᠡ᠃

ᠰᠢᠩ ᠺᠦᠩ ᠪᠢᠴᠢᠭ᠎ᠤᠨ ᠬᠦᠷᠢᠶᠡᠯᠡᠩ᠎ᠤᠨ ᠳᠠᠷᠤᠭ᠎ᠠ ᠵᠧᠤ ᠯᠢᠩ ᠪᠥᠸᠧ ᠡᠯ᠎ᠡ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠡᠬᠢ ᠪᠠᠶᠠᠯᠢᠭ ᠵᠶ᠋ᠠᠨ ᠡᠮᠬᠢᠯᠡᠨ ᠨᠡᠶ᠋ᠢᠯᠡᠭᠦᠯᠵᠦ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠷᠢᠰᠢᠯᠠᠭᠤᠯᠤᠯᠲᠠ ᠵᠢ ᠪᠦᠷᠢᠯᠳᠦᠭᠦᠯᠵᠦ᠂ ᠲᠤᠰᠬᠠᠶ ᠮᠡᠷᠭᠡᠵᠢᠯ᠎ᠤᠨ ᠲᠠᠰ ᠳᠡᠪᠰᠢᠭᠦᠯᠬᠦ ᠪᠠᠶ᠋ᠢᠭᠤᠯᠤᠯᠲᠠ ᠵᠢ ᠳᠡᠭᠡᠳᠦ ᠲᠠᠰ ᠳᠠᠪᠬᠤᠷᠭ᠎ᠠ᠎ᠠᠴᠠ ᠪᠣᠳᠣᠯᠬᠢᠯᠠᠨ ᠥᠷᠨᠢᠭᠦᠯᠵᠦ᠂ ᠡᠩᠨᠡᠭᠡᠨ᠎ᠤ ᠪᠣᠶ᠋ᠢᠵᠢᠯᠲᠠ᠎ᠳᠤ ᠬᠦᠴᠦ᠎ᠪᠠᠨ ᠲᠥᠪᠯᠡᠷᠡᠭᠦᠯᠦᠨ ᠪᠠᠭᠰᠢ ᠵᠢᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠥᠷᠨᠢᠭᠦᠯᠬᠦ ᠬᠡᠷᠡᠭᠲᠡᠶ ᠭᠡᠵᠦ ᠰᠠᠨᠠᠭᠤᠯᠪᠠ᠃
ᠡᠨᠡ ᠤᠳᠠᠭ᠋ᠠᠨ᠎ᠤ ᠶᠠᠷᠢᠶᠠᠨ᠎ᠤ ᠲᠠᠪᠴᠠᠩ᠎ᠨᠢ ᠰᠤᠷᠭ᠋ᠠᠭᠤᠯᠢ ᠵᠢᠨ ᠴᠢᠨᠠᠷᠯᠢᠭ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠵᠢ ᠡᠭᠦᠳᠬᠦ ᠰᠡᠳᠬᠢᠮᠵᠢ ᠪᠠ ᠰᠢᠨᠵᠢᠯᠡᠬᠦ ᠤᠬᠠᠭ᠋ᠠᠨᠴᠢ ᠠᠷᠭ᠎ᠠ ᠬᠠᠩᠭ᠋ᠠᠵᠤ᠂ ᠬᠤᠷᠠᠯ᠎ᠳᠤ ᠣᠷᠣᠯᠴᠠᠭᠰᠠᠳ ᠶᠠᠷᠢᠶᠠᠨ᠎ᠤ ᠲᠠᠪᠴᠠᠩ᠎ᠤᠨ ᠠᠭᠤᠯᠭ᠎ᠠ ᠪᠦᠷᠢᠨ ᠭᠦᠢ᠍ᠴᠡᠳ᠂ ᠠᠰᠢᠭ ᠭᠥᠷᠳᠡᠭᠰᠡᠨ ᠬᠡᠮᠵᠢᠶ᠎ᠡ ᠮᠠᠰᠢ ᠪᠠᠭ᠎ᠠ᠂ ᠲᠤᠰᠬᠠᠶ ᠮᠡᠷᠭᠡᠵᠢᠯᠲᠡᠳ᠎ᠤᠨ ᠰᠡᠳᠬᠢᠮᠵᠢ᠂ ᠰᠠᠨᠠᠭᠤᠯᠭ᠎ᠠ ᠵᠢ ᠥᠪᠡᠷ᠎ᠤᠨ ᠰᠠᠯᠠᠭ᠎ᠠ ᠮᠥᠴᠢᠷ ᠨᠢᠭᠡᠴᠢ᠎ᠳᠤ᠎ᠪᠠᠨ ᠠᠪᠴᠢᠷᠠᠵᠤ᠂ ᠪᠠᠭᠰᠢ ᠰᠣᠷᠣᠭᠴᠢ ᠠᠵᠢᠯᠲᠠᠨ ᠨᠢᠭᠡ ᠪᠦᠷᠢ᠎ᠳᠤ ᠤᠯᠠᠮᠵᠢᠯᠠᠬᠤ ᠵᠢᠨ ᠬᠠᠮᠲᠤ ᠲᠤᠰᠬᠠᠶ ᠰᠡᠳᠦᠪ ᠵᠶ᠋ᠠᠷ ᠰᠤᠳᠤᠯᠤᠨ ᠶᠠᠷᠢᠯᠴᠠᠵᠤ᠂ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠨᠠᠩ ᠣᠯᠠᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
《ᠨᠢᠭᠡ ᠰᠤᠷᠭ᠋ᠠᠭᠤᠯᠢ ᠨᠢᠭᠡ ᠲᠡᠮᠳᠡᠭᠲᠦ》 ᠵᠢᠨ ᠪᠠᠶ᠋ᠢᠭᠤᠯᠤᠯᠲᠠ
ᠵᠢᠨ ᠠᠷᠭ᠎ᠠ ᠵᠠᠮ᠎ᠤᠨ ᠲᠤᠬᠠᠢ ᠶᠠᠷᠢᠶᠠᠨ᠎ᠤ ᠲᠠᠪᠴᠠᠩ

ᠼᠠᠩᠵᠸᠦ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠳᠡᠳ᠋ ᠵᠠᠬᠢᠷᠤᠯ ᠸᠠᠩ ᠭᠦᠸᠧ ᠮᠢᠩ 《〈ᠠᠵᠢᠯ᠎ᠤᠨ ᠪᠠᠶ᠋ᠢᠷᠢ ᠬᠢᠴᠢᠶᠡᠯ᠎ᠤᠨ ᠳᠣᠭᠲᠠᠯᠴᠠᠭ᠎ᠠ ᠤᠷᠤᠯᠳᠤᠭ᠋ᠠᠨ ᠦᠨᠡᠮᠯᠡᠯ〉᠎ᠳᠤ ᠰᠠᠭᠤᠷᠢᠯᠠᠨ ᠠᠭᠤᠰᠤᠯᠴᠠᠭᠰᠠᠨ ᠠᠨᠠᠭ᠋ᠠᠬᠤ ᠤᠬᠠᠭ᠋ᠠᠨ᠎ᠤ ᠲᠥᠷᠥᠯ᠎ᠤᠨ ᠥᠨᠳᠥᠷ ᠬᠢᠷᠢ ᠲᠦᠪᠰᠢᠨ ᠪᠥᠬᠥᠶ ᠲᠤᠰᠬᠠᠶ ᠮᠡᠷᠭᠡᠵᠢᠯ᠎ᠤᠨ ᠴᠤᠭᠯᠠᠷᠠᠯ᠎ᠤᠨ ᠪᠥᠲᠥᠭᠡᠨ ᠪᠠᠶ᠋ᠢᠭᠤᠯᠤᠯᠲᠠ ᠪᠠ ᠦᠢ᠍ᠯᠡᠳᠦᠯᠭᠡ》 ᠭᠡᠬᠦ ᠰᠡᠳᠦᠪ ᠵᠶ᠋ᠠᠷ 《ᠠᠵᠢᠯ᠎ᠤᠨ ᠪᠠᠶ᠋ᠢᠷᠢ ᠬᠢᠴᠢᠶᠡᠯ᠎ᠤᠨ ᠳᠣᠭᠲᠠᠯᠴᠠᠭ᠎ᠠ ᠤᠷᠤᠯᠳᠤᠭ᠋ᠠᠨ ᠦᠨᠡᠮᠯᠡᠯ》᠎ᠢ ᠠᠭᠤᠰᠬᠠᠭᠰᠠᠨ ᠠᠬᠤᠶ ᠪᠠᠶ᠋ᠢᠳᠠᠯ ᠪᠠ ᠠᠴᠢ ᠬᠣᠯᠪᠣᠭᠳᠠᠯ᠂ ᠠᠭᠤᠯᠤᠭᠳᠠᠬᠤᠨ ᠪᠠ ᠯᠣᠭᠢᠭ᠂ ᠬᠡᠷᠡᠭ᠎ᠤᠨ ᠵᠢᠱ᠌ᠢᠶ᠎ᠡ ᠪᠠ ᠰᠡᠩᠬᠡᠷᠡᠭᠦᠯᠦᠯ᠂ ᠦᠢ᠍ᠯᠡᠳᠦᠯᠭᠡ ᠪᠠ ᠦᠷ᠎ᠡ ᠪᠦᠲᠦᠮᠵᠢ ᠵᠡᠷᠭᠡ ᠳᠥᠷᠪᠡᠨ ᠲᠠᠯ᠎ᠠ᠎ᠠᠴᠠ ᠠᠨᠠᠭ᠋ᠠᠬᠤ ᠤᠬᠠᠭ᠋ᠠᠨ᠎ᠤ ᠲᠥᠷᠥᠯ᠎ᠤᠨ ᠥᠨᠳᠥᠷ ᠬᠢᠷᠢ ᠲᠦᠪᠰᠢᠨ ᠪᠥᠬᠥᠶ ᠲᠤᠰᠬᠠᠶ ᠮᠡᠷᠭᠡᠵᠢᠯ᠎ᠤᠨ ᠴᠤᠭᠯᠠᠷᠠᠯ᠎ᠤᠨ ᠪᠥᠲᠥᠭᠡᠨ ᠪᠠᠶ᠋ᠢᠭᠤᠯᠤᠯᠲᠠ ᠵᠢᠨ ᠰᠡᠳᠬᠢᠮᠵᠢ᠂ ᠠᠷᠭ᠎ᠠ ᠵᠢᠴᠢ ᠦᠢ᠍ᠯᠡᠳᠦᠯᠭᠡ ᠵᠢᠨ ᠣᠳᠣᠬᠢ ᠪᠠᠶ᠋ᠢᠳᠠᠯ᠎ᠢ ᠬᠤᠪᠢᠶᠠᠯᠴᠠᠪᠠ᠃

ᠪᠡᠭᠡᠵᠢᠩ᠎ᠤᠨ ᠠᠵᠤ ᠠᠬᠤᠶ ᠵᠢᠨ ᠬᠠᠮᠢᠶᠠᠷᠤᠯᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ᠂ ᠰᠤᠳᠤᠯᠤᠭᠴᠢ ᠯᠢ ᠶᠦᠩ ᠱᠧᠩ ᠳ᠋ᠣᠺᠲ᠋ᠣᠷ 《ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠶ᠎ᠠ》 ᠭᠡᠬᠦ ᠭᠤᠤᠯ ᠵᠤᠷᠢᠯᠳᠠᠳᠤ ᠮᠡᠳᠡᠭᠦᠯᠦᠯᠲᠡ ᠬᠢᠵᠦ᠂ 《〈ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ〉 ᠵᠢᠨ ᠭᠦᠨᠵᠡᠭᠡᠶ ᠣᠶ᠋ᠢᠯᠠᠭ᠋ᠠᠯᠲᠠ ᠪᠠ ᠦᠢ᠍ᠯᠡᠳᠦᠯᠭᠡ ᠵᠢᠨ ᠬᠥᠭᠵᠢᠯᠲᠡ ᠵᠢᠨ ᠲᠤᠬᠠᠶ》᠂ 《〈ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ〉 ᠵᠢᠨ ᠠᠭᠤᠯᠤᠭᠳᠠᠬᠤᠨ᠎ᠤ ᠣᠨᠴᠠᠯᠢᠭ ᠪᠠ ᠦᠢ᠍ᠯᠡᠳᠦᠯᠭᠡ ᠵᠢᠨ ᠠᠬᠢᠯᠲᠠ ᠵᠢᠨ ᠲᠤᠬᠠᠶ》 ᠭᠡᠬᠦ ᠲᠣᠭᠣᠷᠢᠨ᠎ᠳᠤ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠪᠡ᠃

ᠪᠡᠭᠡᠵᠢᠩ᠎ᠤᠨ ᠡᠯᠧᠺᠲᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ᠂ ᠬᠣᠶᠠᠳᠤᠭ᠋ᠠᠷ ᠳᠡᠰ᠎ᠤᠨ ᠫᠷᠤᠹᠧᠰᠰᠤᠷ ᠰᠢᠨ ᠰᠢᠤ ᠯᠠᠨ ᠳ᠋ᠣᠺᠲ᠋ᠣᠷ ᠪᠡᠭᠡᠵᠢᠩ᠎ᠤᠨ ᠡᠯᠧᠺᠲᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠷ ᠵᠢᠱ᠌ᠢᠶᠡᠯᠡᠨ ᠰᠤᠷᠭ᠋ᠠᠭᠤᠯᠢ ᠵᠢᠨ ᠦᠨᠳᠦᠰᠦᠨ ᠪᠠᠶ᠋ᠢᠳᠠᠯ᠂ ᠰᠤᠷᠭ᠋ᠠᠭᠤᠯᠢ ᠡᠷᠭᠢᠯᠡᠬᠦ ᠣᠨᠴᠠᠯᠢᠭ ᠪᠣᠯᠤᠨ ᠰᠢᠨ᠎ᠡ ᠵᠢ ᠡᠭᠦᠳᠬᠦ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠨ ᠰᠤᠷᠭ᠋ᠠᠭᠤᠯᠢ ᠡᠷᠭᠢᠯᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠂ ᠥᠨᠳᠥᠷ ᠬᠢᠷᠢ ᠲᠦᠪᠰᠢᠨ ᠪᠥᠬᠥᠶ ᠲᠤᠰᠬᠠᠶ ᠮᠡᠷᠭᠡᠵᠢᠯ᠎ᠤᠨ ᠴᠤᠭᠯᠠᠷᠠᠯ᠎ᠤᠨ ᠪᠥᠲᠥᠭᠡᠨ ᠪᠠᠶ᠋ᠢᠭᠤᠯᠤᠯᠲᠠ ᠵᠢᠨ ᠰᠡᠳᠬᠢᠮᠵᠢ ᠪᠠ ᠠᠷᠭ᠎ᠠ ᠪᠣᠳᠣᠯᠭ᠎ᠠ᠂ ᠡᠮ᠎ᠤᠨ ᠵᠦᠢ᠍ᠯ ᠠᠮᠢᠳᠤ ᠪᠣᠳᠠᠰ᠎ᠤᠨ ᠮᠡᠷᠭᠡᠵᠢᠯ᠎ᠤᠨ ᠪᠦᠯᠬᠦᠮ᠎ᠤᠨ ᠪᠥᠲᠥᠭᠡᠨ ᠪᠠᠶ᠋ᠢᠭᠤᠯᠤᠯᠲᠠ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠵᠡᠷᠭᠡ ᠲᠠᠪᠤᠨ ᠲᠠᠯ᠎ᠠ᠎ᠠᠴᠠ ᠬᠤᠪᠢᠶᠠᠯᠴᠠᠵᠤ᠂ ᠰᠢᠨ᠎ᠡ ᠴᠠᠭ ᠦᠶ᠎ᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠴᠢᠨᠠᠷᠯᠢᠭ ᠬᠥᠭᠵᠢᠯᠲᠡ᠎ᠳᠤ ᠯᠠᠪᠯᠠᠯᠲᠠ ᠪᠣᠯᠭ᠋ᠠᠵᠤ ᠪᠣᠯᠬᠤ ᠰᠡᠳᠬᠢᠮᠵᠢ ᠪᠠ ᠰᠥᠪᠡᠭᠴᠢᠯᠡᠯᠲᠡ ᠵᠢᠨ ᠲᠥᠰᠦᠯ᠎ᠢ ᠬᠠᠩᠭ᠋ᠠᠪᠠ᠃
ᠡᠨᠡ ᠤᠳᠠᠭ᠋ᠠᠨ᠎ᠤ ᠶᠠᠷᠢᠶᠠᠨ᠎ᠤ ᠲᠠᠪᠴᠠᠩ᠎ᠤᠨ ᠣᠨᠴᠠᠯᠢᠭ ᠢᠯᠡ ᠲᠣᠳᠣ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠠᠯ᠎ᠤᠨ 《ᠪᠦᠲᠦᠴᠡ ᠵᠢ ᠰᠢᠯᠢᠳᠡᠭᠵᠢᠭᠦᠯᠬᠦ᠂ ᠲᠦᠪᠰᠢᠨ᠎ᠢ ᠳᠡᠭᠡᠭᠰᠢᠯᠡᠭᠦᠯᠬᠦ᠂ ᠬᠥᠭᠵᠢᠯᠲᠡ᠎ᠳᠤ ᠦᠢ᠍ᠯᠡᠴᠢᠯᠡᠬᠦ》 ᠭᠤᠤᠯ ᠰᠡᠳᠦᠪ᠎ᠢ ᠭᠦᠢ᠍ᠴᠡᠳ ᠢᠯᠡᠷᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠂ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢ ᠲᠥᠷᠥᠯ ᠬᠤᠪᠢᠶᠠᠨ ᠠᠬᠢᠭᠤᠯᠬᠤ᠂ ᠵᠣᠬᠢᠴᠠᠬᠤ ᠴᠢᠨᠠᠷ ᠪᠠ ᠲᠠᠲᠠᠬᠤ ᠬᠦᠴᠦᠨ᠎ᠢ ᠴᠢᠩᠭ᠋ᠠᠳᠬᠠᠬᠤ᠂ ᠵᠠᠩᠭᠢᠯᠠᠭ᠎ᠠ ᠵᠢᠨ ᠴᠢᠳᠠᠪᠤᠷᠢ ᠵᠢᠨ ᠰᠢᠨ᠎ᠡ ᠳᠡᠭᠡᠭᠰᠢᠯᠡᠯᠲᠡ ᠵᠢ ᠪᠡᠶᠡᠯᠡᠭᠦᠯᠬᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠬᠠᠬᠤ ᠣᠷᠣᠨ ᠪᠦᠰᠡ ᠵᠢᠨ ᠨᠠᠷᠠᠲᠤ ᠲᠡᠮᠳᠡᠭᠲᠦ ᠵᠢ ᠡᠭᠦᠳᠬᠦ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠣᠳᠣᠬᠠᠨ᠎ᠳᠤ᠂ ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠴᠢᠬᠤᠯᠠ ᠶᠡᠬᠡ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ᠎ᠪᠠᠷ ᠡᠭᠦᠷᠭᠡᠯᠡᠯ ᠪᠣᠯᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠠᠮᠵᠢᠵᠤ᠂ ᠵᠠᠰᠠᠭ ᠵᠠᠬᠢᠷᠭ᠎ᠠ ᠠᠵᠤ ᠠᠬᠤᠶ᠋ᠢᠯᠠᠯ ᠰᠤᠷᠭ᠋ᠠᠭᠤᠯᠢ ᠵᠢᠨ ᠭᠦᠨᠵᠡᠭᠡᠶ ᠬᠠᠮᠲᠤᠷᠠᠯᠴᠠᠵᠤ ᠬᠥᠮᠦᠨ ᠬᠥᠮᠦᠵᠢᠭᠦᠯᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠢᠳᠡᠪᠬᠢᠲᠡᠶ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠵᠤ᠂ ᠨᠡᠢ᠌ᠭᠡᠮ᠎ᠤᠨ ᠠᠵᠤ ᠠᠬᠤᠶ ᠵᠢ ᠬᠥᠭᠵᠢᠭᠦᠯᠬᠦ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠪᠠ᠃ ᠳᠡᠭᠡᠳᠦ ᠰᠤᠷᠭ᠋ᠠᠭᠤᠯᠢ ᠡᠨᠡ ᠤᠳᠠᠭ᠋ᠠᠨ᠎ᠤ ᠬᠤᠪᠢᠶᠠᠷᠢ ᠶᠠᠷᠢᠶᠠᠨ᠎ᠤ ᠲᠠᠪᠴᠠᠩ ᠵᠶ᠋ᠠᠷ ᠳᠠᠮᠵᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠲᠠᠢ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢᠨ ᠬᠠᠯᠠᠮᠰᠢᠯ᠂ ᠬᠦᠴᠢᠷ᠂ ᠡᠪᠡᠷᠰᠢᠶᠡᠯ ᠠᠰᠠᠭᠤᠳᠠᠯ ᠵᠡᠷᠭᠡ ᠵᠢ ᠢᠳᠡᠪᠬᠢᠲᠡᠶ ᠰᠤᠳᠤᠯᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠨᠢᠭᠡ ᠰᠤᠷᠭ᠋ᠠᠭᠤᠯᠢ ᠨᠢᠭᠡ ᠦᠢ᠍ᠯᠡᠳᠭᠦᠨ》᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠵᠢᠭᠦᠯᠬᠦ ᠠᠷᠭ᠎ᠠ ᠵᠠᠮ᠎ᠢ ᠰᠦᠪᠡᠭᠴᠢᠯᠡᠵᠦ ᠥᠭᠪᠡ᠃
ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
《ᠳᠤᠮᠳᠠ ᠳᠡᠭᠡᠳᠦ ᠳᠡᠰ᠎ᠤᠨ ᠠᠵᠤ ᠠᠬᠤᠶ᠋ᠢᠯᠠᠯ》 ᠤᠨ ᠨᠢᠭᠡ
ᠴᠤᠭᠴᠠᠵᠢᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠲᠠᠯ᠎ᠠ᠎ᠪᠠᠷ ᠰᠢᠨ᠎ᠡ ᠵᠢ
ᠡᠭᠦᠳᠦᠨ ᠬᠠᠮᠵᠢᠯᠴᠠᠨ ᠬᠥᠮᠦᠨ ᠬᠥᠮᠦᠵᠢᠭᠦᠯᠬᠦ ᠬᠠᠮ ᠬᠦᠴᠦᠨ᠎ᠢ ᠨᠢᠭᠲᠠᠷᠠᠭᠤᠯᠪᠠ

ᠣᠷᠴᠢᠮ᠎ᠤᠨ ᠵᠢᠯ᠂ ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠨᠠᠮ ᠪᠠ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠭᠦᠨᠵᠡᠭᠡᠶ ᠠᠭᠤᠰᠤᠯᠴᠠᠭ᠎ᠠ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠨᠢᠭᠲᠠ ᠵᠣᠯᠭ᠋ᠠᠭᠤᠯᠬᠤ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》 ᠪᠠ 《ᠨᠢᠭᠡ ᠬᠥᠭᠥᠷᠭᠡᠨ ᠪᠡᠬᠢᠯᠡᠯᠲᠡ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ ᠲᠤᠰᠬᠠᠶ ᠮᠡᠷᠭᠡᠵᠢᠯ᠎ᠢ ᠨᠡᠭᠡᠭᠡᠵᠦ᠂ ᠵᠠᠬ᠎ᠠ ᠳᠡᠯᠭᠡᠭᠦᠷ᠎ᠲᠤ ᠬᠠᠨᠳᠤᠭᠤᠯᠤᠨ᠂ ᠠᠵᠢᠯ ᠣᠯᠭᠣᠯᠲᠠ᠎ᠳᠤ ᠬᠠᠨᠳᠤᠭᠤᠯᠵᠤ᠂ ᠣᠷᠣᠨ᠎ᠤ ᠳᠣᠲᠣᠷᠠᠬᠢ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠠᠵᠤ ᠠᠬᠤᠶ᠋ᠢᠯᠠᠯ᠎ᠯᠤᠭ᠎ᠠ ᠨᠢᠭᠲᠠ ᠵᠣᠯᠭ᠋ᠠᠭᠤᠯᠤᠨ᠂ 《ᠳᠤᠮᠳᠠ ᠳᠡᠭᠡᠳᠦ ᠲᠡᠰ᠎ᠤᠨ ᠠᠵᠤ ᠠᠬᠤᠶ᠋ᠢᠯᠠᠯ》᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠬᠣᠯᠪᠣᠭ᠋ᠠᠲᠤ ᠴᠣᠭᠴᠠ ᠵᠢ ᠭᠦᠨᠵᠡᠭᠡᠢ ᠪᠠᠢ᠌ᠭᠤᠯᠤᠨ᠂ 《ᠰᠤᠷᠭ᠋ᠠᠭᠤᠯᠢ ᠪᠠ ᠠᠵᠤ ᠠᠬᠤᠶ᠋ᠢᠯᠠᠯ᠎ᠢ ᠨᠢᠭᠡ ᠴᠣᠭᠴᠠᠵᠢᠭᠤᠯᠬᠤ》 ᠵᠢ ᠢᠳᠡᠪᠬᠢᠲᠡᠢ ᠪᠠᠢ᠌ᠭᠤᠯᠵᠤ᠂ ᠠᠵᠢᠯᠯᠠᠵᠤ ᠰᠤᠷᠤᠯᠴᠠᠬᠤ ᠵᠢ ᠤᠶᠠᠯᠳᠤᠭᠤᠯᠤᠨ᠂ ᠤᠯᠠᠨ ᠡᠰᠢᠵᠢᠭᠦᠯᠦᠨ ᠬᠥᠭᠵᠢᠭᠦᠯᠬᠦ ᠴᠢᠳᠠᠪᠤᠷᠢᠲᠠᠨ ᠬᠥᠮᠦᠵᠢᠭᠦᠯᠬᠦ ᠳᠣᠭᠲᠠᠯᠴᠠᠭ᠎ᠠ᠂ ᠴᠢᠳᠠᠪᠤᠷᠢᠲᠠᠨ᠎ᠢ ᠬᠠᠩᠭ᠋ᠠᠬᠤ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠎ᠠ ᠡᠵᠡᠮᠳᠡᠨ᠂ ᠴᠢᠳᠠᠪᠤᠷᠢᠲᠠᠨ᠎ᠤ ᠬᠡᠯᠬᠢᠶ᠎ᠡ᠂ ᠰᠤᠷᠭ᠋ᠠᠨ ᠬᠥᠮᠦᠵᠢᠯ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ ᠵᠢ ᠪᠠᠢ᠌ᠷᠢᠯᠠᠭᠤᠯᠵᠤ᠂ ᠰᠤᠷᠤᠭᠴᠢᠳ᠎ᠤᠨ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷᠯᠢᠭ ᠬᠥᠭᠵᠢᠯᠲᠡ᠎ᠳᠤ ᠥᠨᠳᠥᠷ ᠬᠡᠪ ᠪᠣᠯᠪᠠᠰᠤᠷᠠᠯ᠎ᠲᠠᠢ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠵᠦ ᠥᠭᠪᠡ᠃


ᠬᠤᠷᠠᠯ᠎ᠳᠤ ᠣᠷᠣᠯᠴᠠᠭᠰᠠᠨ ᠳᠤᠮᠳᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠠᠵᠤ ᠠᠬᠤᠶ᠋ᠢᠯᠠᠯ᠎ᠤᠨ ᠲᠥᠯᠥᠭᠡᠯᠡᠭᠴᠢᠳ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠤᠯᠠᠨ ᠵᠶ᠋ᠠᠷ ᠵᠶ᠋ᠠᠨ᠂ ᠳᠤᠮᠳᠠ ᠳᠡᠭᠡᠳᠦ ᠵᠡᠷᠭᠡ ᠵᠢᠨ ᠠᠵᠤ ᠠᠬᠤᠶ᠋ᠢᠯᠠᠯ᠎ᠢ ᠨᠢᠭᠡ ᠴᠤᠬ᠍ᠴᠠᠵᠢᠭᠤᠯᠬᠤ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ ᠲᠠᠪᠴᠠᠩ ᠵᠶ᠋ᠠᠷ ᠳᠠᠮᠵᠢᠭᠤᠯᠵᠤ᠂ ᠵᠠᠰᠠᠭ᠎ᠤᠨ ᠣᠷᠳᠣᠨ᠎ᠤ ᠲᠠᠭ᠋ᠠᠭᠤᠯᠭ᠎ᠠ᠎ᠪᠠᠷ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠪᠦᠬᠦ ᠲᠠᠯ᠎ᠠ᠎ᠪᠠᠷ ᠲᠠᠢ᠍ᠢ᠍ᠴᠢᠯᠠᠵᠥ᠂ ᠠᠵᠤ ᠠᠬᠤᠶ᠋ᠢᠯᠠᠯ᠎ᠯᠤᠭ᠎ᠠ ᠵᠢᠨ ᠬᠠᠮᠲᠤᠷᠠᠯᠴᠠᠭ᠎ᠠ ᠪᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠠᠵᠤ ᠦᠢ᠍ᠯᠡᠰ᠎ᠤᠨ ᠬᠥᠭᠵᠢᠯᠲᠡ ᠵᠢᠨ 《ᠵᠠᠮ》᠎ᠢ ᠨᠡᠪᠲᠡᠷᠡᠭᠦᠯᠵᠦ᠂ ᠠᠵᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠪᠣᠯᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠂ ᠵᠢᠭ᠋ᠠᠨ ᠰᠤᠷᠭ᠋ᠠᠯᠲᠠ ᠵᠢᠨ ᠦᠢ᠍ᠯᠡᠴᠢᠯᠡᠭᠡ ᠵᠢ ᠪᠦᠲᠦᠮᠵᠢᠲᠡᠢ ᠵᠣᠯᠭ᠋ᠠᠭᠤᠯᠵᠤ᠂ ᠰᠤᠷᠭ᠋ᠠᠭᠤᠯᠢ ᠵᠢᠨ 《ᠪᠣᠳᠠᠲᠠᠢ᠎ᠠᠴᠠ ᠡᠭᠦᠰᠬᠦ》 ᠮᠠᠶᠢᠭ᠎ᠤᠨ ᠬᠦᠳᠦᠯᠥᠨ ᠬᠥᠮᠦᠵᠢᠭᠦᠯᠬᠦ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠣᠳᠣᠬᠠᠨ᠎ᠤ ᠪᠠᠴᠢᠮ ᠬᠡᠷᠡᠭᠴᠡᠭᠡ ᠵᠢ ᠰᠠᠶ᠋ᠢᠲᠤᠷ ᠰᠢᠢ᠍ᠳᠪᠦᠷᠢᠯᠡᠵᠦ᠂ ᠰᠤᠷᠤᠭᠴᠢᠳ᠎ᠤᠨ ᠦᠰᠦᠨ ᠪᠣᠶ᠋ᠢᠵᠢᠵᠤ ᠴᠢᠳᠠᠪᠤᠷᠢᠲᠠᠨ ᠪᠣᠯᠬᠤ᠎ᠳᠤ ᠦᠢ᠍ᠯᠡᠴᠢᠯᠡᠬᠦ 《ᠳᠣᠲᠣᠭ᠋ᠠᠳᠤ ᠣᠷᠴᠢᠯ》᠎ᠢ ᠴᠠᠭ᠋ᠠᠰᠢᠲᠠ ᠰᠢᠯᠢᠳᠡᠭᠵᠢᠭᠦᠯᠵᠦ᠂ ᠭᠠᠵᠠᠷ ᠣᠷᠣᠨ᠎ᠤ ᠬᠥᠭᠵᠢᠯᠲᠡ ᠵᠢᠨ 《ᠭᠠᠳᠠᠭ᠋ᠠᠳᠤ ᠣᠷᠴᠢᠯ》᠎ᠢ ᠰᠢᠯᠤᠭᠤᠳᠬᠠᠨ ᠦᠢ᠍ᠯᠡᠴᠢᠯᠡᠨ᠎ᠡ ᠭᠡᠵᠦ ᠢᠯᠡᠳᠭᠡᠵᠡᠭᠡᠪᠡ᠃
ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠢᠷᠡᠭᠡᠳᠦᠢ ᠰᠠᠷᠠᠭᠤᠯ ᠳᠠᠷᠳᠠᠩ᠂ ᠶᠡᠬᠡ ᠦᠢ᠍ᠯᠡᠰ ᠪᠥᠲᠦᠭᠡᠬᠦ᠎ᠨᠢ ᠳᠠᠮᠵᠢᠭ ᠦᠭᠡᠢ᠃ ᠳᠡᠭᠡᠳᠦ ᠰᠤᠷᠭ᠋ᠠᠭᠤᠯᠢ᠎ᠨᠢ ᠡᠨᠡ ᠤᠳᠠᠭ᠋ᠠᠨ᠎ᠤ ᠶᠠᠷᠢᠶᠠᠨ᠎ᠤ ᠲᠠᠪᠴᠠᠩ ᠵᠶ᠋ᠠᠷ ᠠᠵᠠ ᠲᠣᠬᠢᠶᠠᠯ ᠪᠣᠯᠭ᠋ᠠᠵᠤ᠂ ᠳᠤᠮᠳᠠ ᠳᠡᠭᠡᠳᠦ ᠳᠡᠰ᠎ᠤᠨ ᠠᠵᠤ ᠠᠬᠤᠶ᠋ᠢᠯᠠᠯ᠎ᠤᠨ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠢ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠦᠯᠢᠭᠡᠷ ᠳᠠᠭᠤᠷᠢᠶᠠᠯ᠎ᠤᠨ ᠲᠥᠷᠥᠯ ᠵᠦᠢ᠍ᠯ ᠪᠣᠯᠭ᠋ᠠᠬᠤ᠎ᠪᠠᠷ ᠴᠢᠷᠮᠠᠶ᠋ᠢᠵᠤ᠂ 《ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠵᠢᠯᠴᠠᠭᠰᠠᠨ᠂ ᠳᠤᠮᠳᠠ ᠳᠡᠭᠡᠳᠦ ᠳᠡᠰ᠎ᠤᠨ ᠰᠤᠷᠭ᠋ᠠᠭᠤᠯᠢ ᠵᠢ ᠨᠢᠭᠡ ᠴᠣᠭᠴᠠᠵᠢᠭᠤᠯᠤᠭᠰᠠᠨ᠂ ᠬᠥᠮᠦᠵᠢᠭᠦᠯᠵᠦ ᠬᠡᠷᠡᠭᠯᠡᠬᠦ ᠵᠢ ᠨᠡᠪᠲᠡᠷᠡᠭᠦᠯᠦᠭᠰᠡᠨ》 ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠠᠬᠢᠭᠤᠯᠤᠨ ᠬᠥᠮᠦᠵᠢᠭᠦᠯᠬᠦ ᠮᠠᠶᠢᠭ᠎ᠲᠤ 《ᠪᠤᠭᠤᠲᠤ ᠵᠢᠨ ᠬᠥᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠠᠭᠪᠤᠷ》᠎ᠢ ᠪᠦᠷᠢᠯᠳᠦᠭᠦᠯᠵᠦ᠂ ᠨᠠᠩ ᠣᠯᠠᠨ ᠥᠨᠳᠥᠷ ᠬᠡᠪ ᠪᠣᠯᠪᠠᠰᠤᠷᠠᠯ᠎ᠲᠠᠢ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ᠂ ᠤᠯᠤᠰ᠎ᠤᠨ ᠲᠣᠮᠣ ᠤᠷᠠᠨ ᠳᠠᠷᠬᠠᠨ᠎ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷᠯᠢᠭ ᠬᠥᠭᠵᠢᠯᠲᠡ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ᠃