ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠᠶᠠᠨᠨᠠᠭᠤᠷ ᠬᠣᠲᠠ᠎ᠳᠤ ᠬᠦᠷᠴᠦ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠵᠠᠭᠪᠤᠷ᠎ᠤᠨ ᠠᠷᠭ᠎ᠠ ᠵᠠᠮ᠎ᠤᠨ ᠰᠤᠳᠤᠯᠭ᠋ᠠᠨ》᠎ᠢ ᠪᠠᠢ᠌ᠴᠠᠭ᠋ᠠᠨ ᠰᠣᠳᠤᠯᠬᠤ ᠠᠵᠢᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-05-19


      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ 5 ᠰᠠᠷ᠎ᠠ ᠵᠢᠨ 17 - 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠶᠡᠷᠦᠩᠬᠡᠶ ᠰᠤᠷᠭ᠋ᠠᠭᠤᠯᠢ ᠪᠠᠶ᠋ᠢᠴᠠᠭ᠋ᠠᠭᠴᠢ ᠵᠦ᠍ ᠪᠦᠦ ᠵᠢᠶᠠᠩ ᠨᠠᠷ ᠪᠠᠶᠠᠨᠨᠠᠭᠤᠷ ᠬᠣᠲᠠ᠎ᠳᠤ ᠬᠦᠷᠴᠦ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠵᠠᠭᠪᠤᠷ᠎ᠤᠨ ᠠᠷᠭ᠎ᠠ ᠵᠠᠮ᠎ᠤᠨ ᠰᠤᠳᠤᠯᠭ᠋ᠠᠨ》᠎ᠢ ᠪᠠᠢ᠌ᠴᠠᠭ᠋ᠠᠨ ᠰᠣᠳᠤᠯᠬᠤ ᠠᠵᠢᠯ᠎ᠢ ᠥᠷᠨᠢᠭᠦᠯᠪᠡ᠃
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠬᠠᠩᠭᠢᠨ ᠬᠣᠶ᠋ᠢᠲᠤ ᠬᠣᠰᠢᠭᠤᠨ᠎ᠤ ᠹᠧᠨ ᠳ᠋ᠧᠦ ᠳᠤᠮᠳᠠᠳᠤ ᠰᠤᠷᠭ᠋ᠠᠭᠤᠯᠢ᠂ ᠯᠢᠨ ᠾᠧ ᠲᠣᠭᠣᠷᠢᠭ᠎ᠤᠨ ᠨᠢᠭᠡᠳᠦᠭᠡᠷ ᠳᠤᠮᠳᠠᠳᠤ ᠰᠤᠷᠭ᠋ᠠᠭᠤᠯᠢ᠂ ᠪᠠᠶᠠᠨᠨᠠᠭᠤᠷ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ᠂ ᠯᠢᠨ ᠾᠧ ᠲᠣᠭᠣᠷᠢᠭ᠎ᠤᠨ ᠲᠠᠪᠤᠳᠤᠭ᠋ᠠᠷ ᠳᠤᠮᠳᠠᠳᠤ ᠰᠤᠷᠭ᠋ᠠᠭᠤᠯᠢ᠎ᠳᠤ ᠪᠠᠶ᠋ᠢᠴᠠᠭ᠋ᠠᠨ ᠰᠤᠳᠤᠯᠬᠤ ᠠᠵᠢᠯ᠎ᠢ ᠥᠷᠨᠢᠭᠦᠯᠵᠦ᠂ ᠡᠯ᠎ᠡ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠭᠰᠡᠨ ᠵᠢᠴᠢ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠠᠵᠢᠯ᠎ᠢ ᠥᠷᠨᠢᠭᠦᠯᠦᠭᠰᠡᠨ ᠪᠠᠶ᠋ᠢᠳᠠᠯ᠎ᠳᠤ ᠴᠢᠭᠯᠡᠭᠦᠯᠦᠨ ᠶᠠᠷᠢᠯᠴᠠᠬᠤ ᠬᠤᠷᠠᠯ ᠬᠢᠵᠦ᠂ ᠡᠯ᠎ᠡ ᠰᠤᠷᠭ᠋ᠠᠭᠤᠯᠢ ᠵᠢᠨ ᠰᠢᠨ᠎ᠡ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢᠴᠢ ᠮᠡᠳᠡᠭᠡ ᠵᠠᠩᠭᠢᠴᠢᠯᠠᠯᠲᠠ ᠵᠢᠨ ᠲᠠᠪᠴᠠᠩ᠎ᠤᠨ ᠬᠡᠷᠡᠭᠯᠡᠯᠲᠡ᠂ ᠰᠢᠨ᠎ᠡ ᠬᠢᠴᠢᠶᠡᠯ᠎ᠤᠨ ᠬᠡᠷᠡᠭᠵᠢᠭᠦᠯᠦᠯᠲᠡ ᠪᠠ ᠰᠢᠨ᠎ᠡ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢᠨ ᠲᠤᠬᠠᠶ ᠲᠤᠰᠬᠠᠶ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠡᠯ᠎ᠡ ᠰᠤᠷᠭ᠋ᠠᠭᠤᠯᠢ ᠵᠢᠨ ᠳᠠᠭᠤᠤ ᠲᠠᠮᠢᠷ ᠤᠷᠠᠨ ᠵᠢᠷᠤᠭ᠎ᠤᠨ ᠬᠢᠴᠢᠶᠡᠯ᠎ᠤᠨ ᠬᠡᠷ᠂ ᠺᠣᠮᠫᠢᠦ᠋ᠲ᠋ᠧᠷ᠎ᠤᠨ ᠲᠠᠰᠤᠭ᠂ ᠰᠡᠳᠬᠢᠴᠡ ᠵᠢᠨ ᠬᠠᠪᠰᠤᠷᠤᠨ ᠵᠢᠯᠣᠭᠣᠳᠬᠤ ᠲᠠᠰᠤᠭ ᠵᠡᠷᠭᠡ ᠲᠣᠨᠣᠭᠯᠠᠯ᠎ᠤᠨ ᠲᠣᠬᠢᠷᠠᠭᠤᠯᠤᠯᠲᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠦᠵᠡᠪᠡ᠃ ᠳᠠᠷᠠᠭ᠎ᠠ ᠡᠳᠦᠷ᠎ᠨᠢ ᠪᠠᠶᠠᠨᠨᠠᠭᠤᠷ ᠬᠣᠲᠠ ᠵᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ᠂ ᠪᠠᠶᠠᠨᠨᠠᠭᠤᠷ ᠬᠣᠲᠠ ᠵᠢᠨ ᠮᠣᠩᠭᠣᠯ ᠦᠨᠳᠦᠰᠦᠲᠡᠨ᠎ᠤ ᠪᠠᠭ᠎ᠠ ᠰᠤᠷᠭ᠋ᠠᠭᠤᠯᠢ᠎ᠳᠤ ᠬᠦᠷᠴᠦ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠰᠤᠳᠤᠯᠤᠯᠲᠠ ᠬᠢᠵᠦ᠂ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠭᠤᠤᠯᠳᠠᠯᠭ᠎ᠠ᠎ᠲᠠᠢ ᠪᠠᠢ᠌ᠴᠠᠭ᠋ᠠᠭᠰᠠᠨ᠎ᠤ ᠬᠠᠮᠲᠤ ᠲᠠᠰᠢᠷᠠᠮ ᠵᠶ᠋ᠠᠷ ᠬᠢᠴᠢᠶᠡᠯ ᠰᠣᠨᠣᠰᠬᠤ᠂ ᠭᠦᠨᠵᠡᠭᠡᠶ ᠶᠠᠷᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠡᠯ᠎ᠡ ᠰᠤᠷᠭ᠋ᠠᠭᠤᠯᠢ ᠵᠢᠨ 《ᠬᠣᠶᠠᠷ᠎ᠢ ᠬᠥᠩᠭᠡᠷᠡᠭᠦᠯᠬᠦ》᠂ ᠨᠡᠷᠡᠨ ᠭᠡᠷᠡᠯᠲᠦ ᠶᠣᠰᠣ ᠰᠤᠷᠲᠠᠬᠤᠨ᠎ᠤ ᠬᠥᠮᠦᠵᠢᠯ᠂ ᠣᠨᠴᠠᠯᠢᠭᠲᠤ ᠬᠢᠴᠢᠶᠡᠯ᠂ ᠠᠩᠭᠢ ᠵᠢᠨ ᠰᠣᠶᠣᠯ᠎ᠤᠨ ᠪᠠᠶ᠋ᠢᠭᠤᠯᠤᠯᠲᠠ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃






      ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠᠶᠠᠨᠨᠠᠭᠤᠷ ᠬᠣᠲᠠ ᠵᠢᠨ ᠣᠳᠣᠬᠠᠨ᠎ᠤ ᠰᠢᠨ᠎ᠡ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠥᠭᠡᠷᠡᠴᠢᠯᠡᠯᠲᠡ ᠵᠢᠨ ᠠᠵᠢᠯ᠎ᠢ ᠨᠣᠲᠠᠯᠠᠭᠰᠠᠨ᠎ᠤ ᠬᠠᠮᠲᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢ ᠬᠡᠷᠡᠭᠵᠢᠭᠦᠯᠬᠦ ᠶᠠᠪᠤᠴᠠ᠎ᠳᠠᠬᠢ ᠬᠡᠰᠡᠭ ᠰᠤᠷᠭ᠋ᠠᠭᠤᠯᠢ᠂ ᠪᠠᠭᠰᠢ ᠵᠢᠨ ᠦᠵᠡᠯ ᠰᠠᠨᠠᠭ᠎ᠠ ᠲᠠᠨᠢᠯᠲᠠ᠂ ᠦᠢ᠍ᠯᠡᠳᠦᠯᠭᠡ ᠵᠢᠨ ᠠᠵᠢᠯᠯᠠᠭ᠎ᠠ ᠪᠠ ᠰᠢᠰᠲ᠋ᠧᠮ᠎ᠲᠠᠢ ᠬᠡᠷᠡᠭᠯᠡᠯᠲᠡ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠡᠨᠳᠡᠭᠦᠷᠡᠯ᠂ ᠬᠦᠴᠢᠷᠳᠡᠯ ᠪᠠ ᠠᠰᠠᠭᠤᠳᠠᠯ᠎ᠢ ᠴᠢᠬᠤᠯᠠᠴᠢᠯᠠᠨ ᠰᠢᠢ᠍ᠳᠪᠦᠷᠢᠯᠡᠵᠦ᠂ ᠰᠠᠭᠤᠷᠢ ᠰᠤᠷᠭ᠋ᠠᠨ ᠬᠥᠮᠦᠵᠢᠯ᠎ᠤᠨ ᠬᠦᠷᠢᠶᠡᠨ᠎ᠤ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠠ ᠲᠦᠭᠵᠢᠷᠡᠯ᠎ᠤᠨ ᠠᠰᠠᠭᠤᠳᠠᠯ᠎ᠢ ᠨᠠᠷᠢᠨ ᠬᠢᠨᠠᠮᠠᠭ᠋ᠠᠶ ᠰᠤᠳᠤᠯᠤᠨ᠂ ᠰᠢᠢ᠍ᠳᠪᠦᠷᠢᠯᠡᠬᠦ ᠠᠷᠭ᠎ᠠ ᠵᠢ ᠳᠤᠷᠠᠳᠴᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ   ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠪᠠᠶᠠᠨᠨᠠᠭᠤᠷ ᠬᠣᠲᠠ ᠵᠢᠨ ᠵᠠᠰᠠᠭ᠎ᠤᠨ ᠣᠷᠳᠣᠨ᠂ ᠰᠤᠷᠭ᠋ᠠᠨ ᠬᠥᠮᠦᠵᠢᠯ᠎ᠤᠨ ᠳᠣᠪᠴᠢᠶᠠᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号