ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠳᠠᠭᠤᠷᠢᠶᠠᠯ ᠦᠵᠡᠭᠦᠯᠬᠦ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠪᠠᠶ᠋ᠢᠴᠠᠭ᠋ᠠᠨ ᠰᠤᠳᠤᠯᠪᠠ — ᠭᠤᠤᠯ ᠰᠡᠳᠦᠪᠲᠦ ᠬᠥᠮᠦᠵᠢᠯ·ᠪᠠᠶ᠋ᠢᠴᠠᠭ᠋ᠠᠨ ᠰᠤᠳᠤᠯᠤᠯᠲᠠ
ᠨᠡᠶ᠋ᠢᠲᠡᠯᠡᠭᠰᠡᠨ ᠴᠠᠭ᠄ 2023-05-26


     5 ᠰᠠᠷ᠎ᠠ ᠵᠢᠨ 22 - 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠶᠢᠦ ᠵᠢᠶᠦ᠋ᠨ ᠴᠧᠩ ᠨᠡᠷ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠳᠤ ᠬᠦᠷᠴᠦ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠪᠥᠲᠥᠭᠡᠨ ᠪᠠᠶ᠋ᠢᠭᠤᠯᠤᠯᠲᠠ ᠪᠣᠯᠤᠨ ᠬᠡᠷᠡᠭᠯᠡᠭᠡᠨ᠎ᠤ ᠲᠡᠷᠢᠭᠦᠨ᠎ᠤ ᠲᠤᠷᠰᠢᠯᠭ᠎ᠠ ᠵᠢ ᠪᠠᠶ᠋ᠢᠴᠠᠭ᠋ᠠᠨ ᠰᠤᠳᠤᠯᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠤᠷᠢᠳ ᠬᠣᠵᠢᠳ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠨᠢᠩᠰᠢᠶᠠ ᠵᠢᠨ ᠵᠠᠮ ᠬᠠᠷᠢᠯᠴᠠᠭ᠋ᠠᠨ᠎ᠤ ᠰᠤᠷᠭ᠋ᠠᠭᠤᠯᠢ᠂ ᠳᠤᠮᠳᠠᠳᠤ ᠣᠷᠣᠨ᠎ᠤ ᠪᠠᠭᠰᠢ ᠵᠢᠨ ᠶᠡᠬᠡ ᠰᠤᠷᠭ᠋ᠠᠭᠤᠯᠢ ᠵᠢᠨ ᠨᠢᠩᠰᠢᠶᠠ ᠵᠢᠨ ᠬᠢᠮᠡᠯ ᠤᠶᠤᠨ᠎ᠤ ᠰᠤᠷᠭ᠋ᠠᠨ ᠬᠥᠮᠦᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠡᠤ ᠵᠥᠩ ᠬᠣᠲᠠ ᠵᠢᠨ ᠯᠢ ᠲᠦᠩ ᠲᠣᠭᠣᠷᠢᠭ᠎ᠤᠨ ᠣᠶᠤᠨᠴᠢ ᠰᠤᠷᠭ᠋ᠠᠨ ᠬᠥᠮᠦᠵᠢᠯ᠎ᠤᠨ ᠰᠤᠳᠤᠯᠤᠨ ᠰᠤᠷᠤᠯᠴᠠᠬᠤ ᠲᠥᠪ ᠵᠡᠷᠭᠡ ᠭᠠᠵᠠᠷ᠎ᠢ ᠪᠠᠶ᠋ᠢᠴᠠᠭ᠋ᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃




     2018 ᠣᠨ᠎ᠤ 7 ᠰᠠᠷ᠎ᠠ᠎ᠳᠤ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠤᠯᠤᠰ᠎ᠤᠨ ᠲᠠᠰ᠎ᠤᠨ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠳᠠᠭᠤᠷᠢᠶᠠᠯ ᠦᠵᠡᠭᠦᠯᠬᠦ ᠣᠷᠣᠨ᠎ᠢ ᠪᠠᠶ᠋ᠢᠭᠤᠯᠬᠤ᠎ᠪᠠᠷ ᠵᠥᠪᠰᠢᠶᠡᠷᠡᠭᠳᠡᠵᠦ᠂ 5 ᠵᠢᠯ ᠰᠢᠬᠠᠮ᠎ᠤᠨ ᠪᠥᠲᠥᠭᠡᠨ ᠪᠠᠶ᠋ᠢᠭᠤᠯᠤᠯᠲᠠ᠎ᠪᠠᠷ ᠳᠡᠮᠵᠢᠨ᠂ ᠡᠨᠡ ᠵᠢᠯ᠎ᠤᠨ 4 ᠰᠠᠷ᠎ᠠ᠎ᠳᠤ ᠰᠤᠷᠭ᠋ᠠᠨ ᠬᠥᠮᠦᠵᠢᠯ᠎ᠤᠨ ᠶᠠᠮᠤᠨ᠎ᠤ ᠰᠢᠯᠭ᠋ᠠᠨ ᠪᠠᠶ᠋ᠢᠴᠠᠭ᠋ᠠᠯᠲᠠ ᠵᠢ ᠤᠷᠤᠭᠰᠢᠲᠠᠶ ᠥᠩᠭᠡᠷᠡᠭᠡᠵᠦ᠂ 《ᠦᠵᠦ ᠲᠥᠯᠥᠪᠯᠡᠭᠡ ᠴᠢᠩᠭ᠎ᠠ᠂ ᠰᠠᠭᠤᠷᠢ ᠲᠥᠬᠥᠭᠡᠷᠦᠮᠵᠢ ᠴᠢᠩᠭ᠎ᠠ᠂ ᠡᠬᠢ ᠪᠠᠶᠠᠯᠢᠭ᠎ᠤᠨ ᠬᠠᠩᠭ᠋ᠠᠯᠭ᠎ᠠ ᠴᠢᠩᠭ᠎ᠠ᠂ ᠪᠠᠭᠰᠢ ᠰᠤᠷᠤᠭᠴᠢᠳ᠎ᠤᠨ ᠬᠡᠪ ᠪᠣᠯᠪᠠᠰᠤᠷᠠᠯ ᠴᠢᠩᠭ᠎ᠠ᠂ ᠰᠢᠨ᠎ᠡ ᠵᠢ ᠡᠭᠦᠳᠬᠦ ᠬᠠᠶ᠋ᠢᠨ ᠰᠥᠪᠡᠭᠴᠢᠯᠡᠯᠲᠡ ᠴᠢᠩᠭ᠎ᠠ》 ᠭᠡᠵᠦ ᠳᠡᠭᠡᠳᠦ ᠬᠡᠮᠵᠢᠶ᠎ᠡ᠎ᠪᠠᠷ ᠨᠣᠲᠠᠯᠠᠭᠳᠠᠨ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ 《ᠨᠢᠩᠰᠢᠶᠠ ᠵᠢᠨ ᠲᠤᠷᠰᠢᠯᠭ᠎ᠠ》 ᠪᠠ 《ᠨᠢᠩᠰᠢᠶᠠ ᠵᠢᠨ ᠬᠡᠪ ᠳᠠᠭᠤᠷᠢᠶᠠᠯ》᠎ᠢ ᠪᠣᠶ ᠪᠣᠯᠭ᠋ᠠᠪᠠ᠃



      ᠳᠠᠷᠠᠭ᠎ᠠ ᠠᠯᠬᠤᠮ᠎ᠳᠤ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠳᠠᠭᠤᠷᠢᠶᠠᠯ ᠦᠵᠡᠭᠦᠯᠬᠦ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠭ᠎ᠠ ᠵᠢ ᠰᠢᠰᠲ᠋ᠧᠮ᠎ᠲᠠᠢ ᠡᠮᠬᠢᠯᠡᠵᠦ᠂ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠢ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠤᠨ ᠬᠥᠭᠵᠢᠭᠦᠯᠬᠦ᠎ᠳᠤ ᠯᠠᠪᠯᠠᠯᠲᠠ ᠪᠠ ᠦᠨᠳᠦᠰᠦᠯᠡᠯ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠬᠡᠷᠡᠭᠯᠡᠭᠡ᠎ᠪᠠᠷ ᠭᠣᠣᠯᠯᠠᠭᠤᠯᠵᠤ᠂ ᠬᠡᠷᠡᠭᠴᠡᠭᠡ ᠱᠠᠭ᠋ᠠᠷᠳᠠᠯᠭ᠎ᠠ ᠵᠢ ᠳᠡᠭᠡᠳᠦᠯᠡᠬᠦ》 ᠠᠵᠢᠯ᠎ᠤᠨ ᠰᠡᠳᠬᠢᠮᠵᠢ ᠵᠢ ᠪᠠᠷᠢᠮᠲᠠᠯᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠬᠥᠲᠥᠯᠥᠨ ᠵᠢᠯᠣᠭᠣᠳᠴᠤ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠲᠠᠰᠤᠷᠠᠯᠲᠠ ᠥᠬᠡᠶ ᠰᠢᠨᠡᠴᠢᠯᠡᠨ᠂ ᠰᠤᠷᠭ᠋ᠠᠨ ᠬᠥᠮᠦᠵᠢᠯ᠎ᠤᠨ ᠵᠠᠭᠪᠤᠷ᠎ᠤᠨ ᠬᠤᠪᠢᠰᠤᠯᠲᠠ ᠵᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ᠎ᠤᠨ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠤᠨ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ᠃
      ᠥᠪᠡᠷᠲᠡᠭᠡᠨ ᠵᠠᠰᠠᠬᠤ ᠣᠷᠣᠨ᠎ᠤ ᠬᠡᠰᠡᠭ ᠳᠡᠭᠡᠳᠦ ᠰᠤᠷᠭ᠋ᠠᠭᠤᠯᠢ ᠪᠣᠯᠤᠨ ᠠᠶ᠋ᠢᠮᠠᠭ ᠬᠤᠳᠠ ᠵᠢᠨ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠨᠥᠬᠥᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠵᠠᠢ᠃


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号