ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠠᠪᠤᠨ ᠶᠡᠬᠡ ᠡᠭᠦᠷᠭᠡ ᠰᠤᠷᠭ᠋ᠠᠨ ᠬᠥᠮᠦᠵᠢᠯ᠎ᠤᠨ ᠡᠭᠦᠷᠭᠡᠯᠡᠯ — ᠦᠬᠠᠶ ᠬᠣᠲᠠ ᠵᠢᠨ ᠴᠢᠨᠠᠷᠯᠢᠭ ᠲᠡᠩᠴᠡᠭᠦᠷᠢᠲᠡᠶ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠢᠨ᠎ᠡ ᠵᠢᠷᠤᠭᠯᠠᠯ
ᠨᠡᠶ᠋ᠢᠲᠡᠯᠡᠭᠰᠡᠨ ᠴᠠᠭ᠄ 2023-06-01


      ᠦᠬᠠᠶ ᠬᠣᠲᠠ ᠰᠤᠷᠭ᠋ᠠᠨ ᠬᠥᠮᠦᠵᠢᠯ᠎ᠢ ᠤᠷᠢᠳ ᠵᠶ᠋ᠠᠷ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠢᠮᠠᠭᠲᠠ ᠪᠠᠷᠢᠮᠲᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠰᠤᠷᠭ᠋ᠠᠨ ᠬᠥᠮᠦᠵᠢᠯ᠎ᠤᠨ ᠦᠢ᠍ᠯᠡᠰ᠎ᠢ ᠴᠢᠨᠠᠷᠯᠢᠭ ᠬᠥᠭᠵᠢᠭᠦᠯᠬᠦ 《1 + N》 ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠵᠢ ᠨᠠᠶ᠋ᠢᠳᠠᠪᠤᠷᠢᠵᠢᠭᠤᠯᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠨ᠂ 《2024 ᠣᠨ᠎ᠳᠤ ᠦᠬᠠᠶ ᠬᠣᠲᠠ ᠵᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠯᠢᠭ ᠲᠡᠩᠴᠡᠭᠦᠷᠢᠲᠡᠶ ᠬᠥᠭᠵᠢᠭᠦᠯᠦᠭᠰᠡᠨ ᠣᠷᠣᠨ ᠪᠣᠯᠭ᠋ᠠᠨ ᠡᠭᠦᠳᠦᠨ ᠪᠠᠶ᠋ᠢᠭᠤᠯᠬᠤ》᠎ᠪᠠᠷ ᠬᠠᠷᠠᠯᠲᠠ ᠪᠣᠯᠭ᠋ᠠᠵᠤ᠂ ᠰᠤᠷᠭ᠋ᠠᠨ ᠬᠥᠮᠦᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠶ ᠭᠦᠨᠵᠡᠭᠡᠶ᠋ᠢᠷᠡᠨ ᠬᠥᠭᠵᠢᠬᠦ ᠵᠢ ᠬᠦᠴᠦᠯᠡᠨ ᠠᠬᠢᠭᠤᠯᠪᠠ᠃



      ᠦᠬᠠᠶ ᠬᠣᠲᠠ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠯᠢᠭ ᠲᠡᠩᠴᠡᠭᠦᠷᠢᠲᠡᠶ ᠪᠣᠯᠭ᠋ᠠᠨ ᠡᠭᠦᠳᠦᠨ ᠪᠠᠶ᠋ᠢᠭᠤᠯᠬᠤ ᠠᠵᠢᠯ᠎ᠢ ᠬᠣᠲᠠ ᠲᠣᠭᠣᠷᠢᠭ ᠬᠣᠶᠠᠷ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ ᠣᠷᠣᠭᠤᠯᠤᠨ᠂ ᠡᠭᠦᠳᠦᠨ ᠪᠠᠶ᠋ᠢᠭᠤᠯᠬᠤ ᠲᠥᠯᠥᠪᠵᠢᠭᠦᠯᠭᠡ ᠵᠢ ᠣᠯᠠᠨ ᠤᠳᠠᠭ᠎ᠠ ᠲᠤᠰᠬᠠᠶ ᠵᠦᠢ᠍ᠯ ᠵᠶ᠋ᠠᠷ ᠰᠤᠳᠤᠯᠤᠨ ᠲᠣᠭᠲᠠᠭ᠋ᠠᠵᠤ᠂ ᠬᠦᠴᠢᠷᠳᠡᠯ᠎ᠢ ᠴᠠᠭ ᠲᠤᠬᠠᠶ᠎ᠳᠤ᠎ᠨᠢ ᠰᠤᠳᠤᠯᠤᠨ ᠰᠢᠢ᠍ᠳᠪᠦᠷᠢᠯᠡᠪᠡ᠃ ᠡᠭᠦᠳᠦᠨ ᠪᠠᠶ᠋ᠢᠭᠤᠯᠬᠤ ᠠᠵᠢᠯ᠎ᠢ 3 ᠵᠢᠯ ᠳᠠᠷᠠᠭ᠋ᠠᠯᠠᠨ ᠬᠣᠲᠠ ᠲᠣᠭᠣᠷᠢᠭ ᠬᠣᠶᠠᠷ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ᠎ᠢ ᠦᠨᠡᠯᠡᠬᠦ᠂ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ᠎ᠤᠨ ᠵᠢᠯ᠎ᠤᠨ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠪᠠ ᠵᠢᠯ᠎ᠤᠨ ᠰᠢᠪᠠᠳᠠᠭᠤᠯᠤᠨ   ᠭᠦᠢ᠍ᠴᠡᠳᠭᠡᠬᠦ ᠭᠤᠤᠯᠳᠠᠯᠭ᠎ᠠ᠎ᠲᠠᠢ ᠵᠦᠢ᠍ᠯ᠎ᠢ ᠠᠬᠢᠭᠤᠯᠬᠤ᠎ᠳᠤ ᠣᠷᠣᠭᠤᠯᠪᠠ᠃
      ᠡᠯ᠎ᠡ ᠲᠣᠭᠣᠷᠢᠭ᠎ᠤᠨ᠎ᠬᠢᠨ ᠲᠣᠰ ᠲᠣᠰ ᠡᠭᠦᠳᠦᠨ ᠪᠠᠶ᠋ᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠨᠢᠭᠡᠳᠦᠭᠡᠷ ᠭᠠᠷ ᠪᠡᠶ᠎ᠡ᠎ᠪᠠᠷ ᠵᠶ᠋ᠠᠨ ᠠᠬᠢᠭᠤᠯᠤᠨ᠂ 《ᠵᠠᠰᠠᠭ᠎ᠤᠨ ᠣᠷᠳᠣᠨ᠎ᠤ ᠭᠤᠤᠯ ᠴᠣᠭᠴᠠ ᠵᠢᠨ ᠬᠠᠷᠢᠭᠤᠴᠠᠯᠭ᠎ᠠ᠂ ᠰᠤᠷᠭ᠋ᠠᠭᠤᠯᠢ ᠵᠢᠨ ᠠᠭᠤᠯᠤᠭᠳᠠᠬᠤᠨ᠎ᠤ ᠬᠥᠭᠵᠢᠯᠲᠡ ᠵᠢᠨ ᠬᠠᠷᠢᠭᠤᠴᠠᠯᠭ᠎ᠠ᠂ ᠰᠢᠪᠠᠳᠠᠭᠤᠯᠤᠨ ᠵᠢᠯᠣᠭᠣᠳᠴᠤ ᠰᠢᠪᠠᠳᠠᠭᠤᠯᠤᠨ ᠭᠦᠢ᠍ᠴᠡᠳᠭᠡᠬᠦ ᠬᠠᠷᠢᠭᠤᠴᠠᠯᠭ᠎ᠠ᠂ ᠨᠡᠶ᠋ᠢᠭᠡᠮ᠎ᠤᠨ᠎ᠬᠢᠨ ᠬᠠᠯᠠᠮᠵᠢᠯᠠᠨ ᠳᠡᠮᠵᠢᠬᠦ ᠬᠠᠷᠢᠭᠤᠴᠠᠯᠭ᠎ᠠ》 ᠵᠢ ᠭᠤᠤᠯᠳᠠᠯᠭ᠎ᠠ᠎ᠲᠠᠢ ᠨᠠᠶ᠋ᠢᠳᠠᠪᠤᠷᠢᠵᠢᠭᠤᠯᠵᠤ᠂ 《ᠬᠣᠲᠠ᠂ ᠲᠣᠭᠣᠷᠢᠭ᠂ ᠰᠤᠷᠭ᠋ᠠᠭᠤᠯᠢ᠂ ᠨᠡᠢ᠌ᠭᠡᠮ》 ᠳᠥᠷᠪᠡᠨ ᠱᠠᠲᠤ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠪᠠᠲᠤᠳᠬᠠᠪᠠ᠃ ᠪᠦᠬᠦ ᠬᠣᠲᠠ ᠵᠢᠨ᠎ᠬᠢᠨ 《ᠨᠠᠮ ᠵᠠᠰᠠᠭ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠤᠨ᠂ ᠰᠠᠯᠠᠭ᠎ᠠ ᠮᠥᠴᠢᠷ᠎ᠤᠨ᠎ᠬᠢᠨ ᠬᠣᠯᠪᠣᠭ᠋ᠠᠯᠠᠨ ᠬᠥᠲᠡᠯᠦᠯᠴᠡᠬᠦ ᠵᠢ ᠪᠠᠲᠤᠯᠠᠵᠤ᠂ ᠰᠤᠷᠭ᠋ᠠᠨ ᠬᠥᠮᠦᠵᠢᠯ᠎ᠢ ᠥᠨᠳᠥᠷ ᠪᠦᠲᠦᠮᠵᠢᠲᠡᠶ ᠨᠠᠢ᠌ᠳᠠᠪᠤᠷᠢᠵᠢᠭᠤᠯᠤᠨ᠂ ᠬᠣᠲᠠ ᠬᠥᠳᠡᠭᠡ ᠵᠢ ᠲᠡᠩᠴᠡᠭᠦᠷᠢᠲᠡᠶ ᠬᠥᠭᠵᠢᠭᠦᠯᠬᠦ》 ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯᠠᠭᠤᠯᠤᠯᠲᠠ ᠵᠢ ᠯᠠᠪᠳᠠᠭᠤᠨ ᠪᠠᠲᠤᠲᠠᠢ ᠪᠠᠢ᠌ᠭᠤᠯᠪᠠ᠃
      ᠡᠯ᠎ᠡ ᠲᠣᠭᠣᠷᠢᠭ᠎ᠤᠨ ᠬᠣᠲᠠ ᠵᠢᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠳᠥᠭᠥᠮ ᠪᠦᠳᠦᠭᠦᠯᠢᠭ ᠣᠷᠣᠨ ᠰᠠᠭᠤᠴᠠᠲᠤ ᠲᠣᠭᠣᠷᠢᠭ᠎ᠠᠴᠠ ᠨᠡᠭᠦᠯᠭᠡᠬᠦ᠂ ᠠᠵᠢᠯᠲᠠᠨ ᠠᠵᠢᠯᠴᠢᠨ᠎ᠢ ᠪᠠᠭ᠋ᠠᠰᠬᠠᠬᠤ ᠵᠢᠴᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠦᠭᠰᠡᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ 2019 ᠣᠨ᠎ᠠᠴᠠ ᠨᠠᠭ᠋ᠠᠰᠢ᠂ ᠦᠬᠠᠶ ᠬᠣᠲᠠ 3 ᠳᠤᠮᠳᠠᠳᠤ ᠪᠠᠭ᠎ᠠ ᠰᠤᠷᠭ᠋ᠠᠭᠤᠯᠢ ᠵᠢ ᠬᠠᠰᠤᠵᠤ ᠨᠡᠶ᠋ᠢᠯᠡᠭᠦᠯᠦᠨ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭ᠋ᠠᠭᠤᠯᠢ ᠡᠷᠭᠢᠯᠡᠬᠦ ᠦᠷ᠎ᠡ ᠠᠰᠢᠭ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ  ᠎ᠤᠨ ᠬᠠᠮᠤᠷᠬᠤ ᠬᠡᠪᠴᠢᠶ᠎ᠡ ᠵᠢ ᠪᠦᠲᠦᠮᠵᠢᠲᠡᠶ ᠥᠷᠭᠡᠳᠬᠡᠪᠡ᠃



      ᠦᠬᠠᠶ ᠬᠣᠲᠠ ᠵᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠪᠢᠨ ᠾᠧ ᠰᠤᠷᠭ᠋ᠠᠭᠤᠯᠢ ᠵᠢᠨ ᠲᠣᠭᠣᠷᠢᠭ᠎ᠤᠨ ᠲᠥᠷᠥᠯ ᠵᠦᠢ᠍ᠯ᠎ᠤᠨ ᠶᠡᠷᠦᠩᠬᠡᠶ ᠲᠠᠯᠠᠪᠠᠶ ᠪᠠᠷᠤᠭ 8 . 4 ᠲᠦᠮᠡᠨ ᠲᠡᠭᠰᠢ ᠳᠥᠷᠪᠡᠯᠵᠢᠨ ᠮᠧᠲᠷ᠂ ᠪᠠᠶ᠋ᠢᠭᠤᠯᠬᠤ᠎ᠪᠠᠷ ᠪᠠᠶ᠋ᠢᠭ᠎ᠠ ᠶᠡᠷᠦᠩᠬᠡᠶ ᠪᠠᠷᠢᠯᠭ᠎ᠠ ᠵᠢᠨ ᠲᠠᠯᠠᠪᠠᠶ ᠪᠠᠷᠤᠭ 4 . 2 ᠲᠦᠮᠡᠨ ᠲᠡᠭᠰᠢ ᠳᠥᠷᠪᠡᠯᠵᠢᠨ ᠮᠧᠲᠷ ᠪᠠᠶ᠋ᠢᠵᠤ᠂ ᠪᠥᠲᠥᠭᠡᠨ ᠪᠠᠶ᠋ᠢᠭᠤᠯᠬᠤ ᠠᠭᠤᠯᠭ᠎ᠠ᠎ᠳᠤ ᠵᠢᠭ᠋ᠠᠨ ᠰᠤᠷᠭ᠋ᠠᠯᠲᠠ ᠵᠢᠨ ᠠᠰᠠᠷ᠂ ᠲᠤᠷᠰᠢᠯᠲᠠ ᠵᠢᠨ ᠠᠰᠠᠷ᠂ ᠪᠠᠭᠰᠢ ᠵᠢᠨ ᠨᠡᠶ᠋ᠢᠲᠡ ᠵᠢᠨ ᠪᠠᠶ᠋ᠢᠷᠢ᠂ ᠰᠠᠯᠬᠢ ᠪᠣᠷᠣᠭ᠋ᠠᠨ᠎ᠳᠤ ᠬᠡᠷᠡᠭᠯᠡᠬᠦ ᠪᠡᠶ᠎ᠡ ᠵᠢᠨ ᠲᠠᠮᠢᠷ᠎ᠤᠨ ᠲᠠᠯᠠᠪᠠᠶ ᠵᠡᠷᠭᠡ ᠵᠢ ᠪᠠᠭᠲᠠᠭ᠋ᠠᠵᠤ᠂ ᠵᠢᠱ᠌ᠢᠯᠲᠡ᠎ᠪᠠᠷ 2024 ᠣᠨ᠎ᠤ ᠡᠬᠢ᠎ᠪᠠᠷ ᠪᠥᠲᠥᠭᠡᠨ ᠪᠠᠶ᠋ᠢᠭᠤᠯᠵᠤ ᠳᠠᠭᠤᠰᠬᠠᠨ᠎ᠠ᠃ ᠣᠲᠣ ᠵᠢᠨ ᠪᠠᠶ᠋ᠢᠭ᠎ᠠ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠭᠦᠢ᠍ᠴᠡᠳ ᠪᠥᠭᠡᠳ ᠠᠮᠢᠳᠤᠯᠢᠭ ᠪᠣᠯᠭ᠋ᠠᠬᠤ ᠵᠢᠨ ᠲᠥᠯᠥᠭᠡ᠂ ᠦᠬᠠᠶ ᠬᠣᠲᠠ ᠪᠠᠰᠠ ᠬᠠᠢ᠍ᠢ᠍ᠷᠤᠪ᠎ᠤᠨ ᠲᠣᠬᠣᠶ ᠲᠣᠭᠣᠷᠢᠭ᠎ᠤᠨ ᠯᠢᠨ ᠶᠢᠨ ᠪᠠᠭ᠎ᠠ ᠰᠤᠷᠭ᠋ᠠᠭᠤᠯᠢ᠂ ᠦᠬᠠᠶ ᠬᠣᠲᠠ ᠵᠢᠨ ᠠᠷᠪᠠ ᠶᠢᠰᠦᠳᠦᠭᠡᠷ ᠳᠤᠮᠳᠠᠳᠤ ᠰᠤᠷᠭ᠋ᠠᠭᠤᠯᠢ ᠵᠢ ᠰᠢᠨ᠎ᠡ᠎ᠪᠠᠷ ᠪᠠᠶ᠋ᠢᠭᠤᠯᠵᠤ᠂ ᠬᠣᠲᠠ ᠵᠢᠨ ᠲᠣᠭᠣᠷᠢᠭ᠎ᠤᠨ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠡᠷᠳᠡᠮ᠎ᠤᠨ ᠴᠣᠯᠠ ᠵᠢᠨ ᠪᠠᠭᠲᠠᠭ᠋ᠠᠮᠵᠢ ᠵᠢ ᠥᠷᠭᠡᠳᠬᠡᠨ ᠬᠡᠮᠵᠢᠶ᠎ᠡ ᠵᠢ ᠨᠡᠮᠡᠭᠳᠡᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠭᠠᠵᠠᠷ ᠣᠷᠣᠨ᠎ᠤ ᠰᠤᠷᠭ᠋ᠠᠨ ᠬᠥᠮᠦᠵᠢᠯ᠎ᠢ ᠴᠢᠨᠠᠷᠯᠢᠭ ᠪᠥᠭᠡᠳ ᠲᠡᠩᠴᠡᠭᠦᠷᠢᠲᠡᠶ ᠪᠣᠯᠭ᠋ᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃
      ᠣᠶ᠋ᠢᠷ᠎ᠠ ᠵᠢᠨ ᠭᠤᠷᠪᠠᠨ ᠵᠢᠯ᠎ᠳᠤ᠂ ᠦᠬᠠᠶ ᠬᠣᠲᠠ 6 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠷᠢᠮᠵᠢᠶᠠᠵᠢᠭᠤᠯᠤᠭᠰᠠᠨ ᠰᠤᠷᠭ᠋ᠠᠭᠤᠯᠢ᠂ ᠬᠥᠳᠡᠭᠡ ᠲᠣᠰᠬᠣᠨ᠎ᠤ ᠪᠠᠭᠤᠷᠠᠶ ᠰᠤᠷᠭ᠋ᠠᠭᠤᠯᠢ ᠵᠢᠨ ᠬᠡᠷ ᠪᠠᠶ᠋ᠢᠰᠢᠩ᠎ᠢ ᠥᠭᠡᠷᠡᠴᠢᠯᠡᠨ ᠪᠠᠶ᠋ᠢᠭᠤᠯᠬᠤ ᠵᠡᠷᠭᠡ 6 ᠶᠡᠬᠡ ᠲᠥᠷᠥᠯ᠎ᠤᠨ 45 ᠭᠤᠤᠯᠳᠠᠯᠭ᠎ᠠ᠎ᠲᠠᠢ ᠰᠤᠷᠭ᠋ᠠᠨ ᠬᠥᠮᠦᠵᠢᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠣᠯᠠᠨ ᠲᠦᠮᠡᠨ᠎ᠤ 《ᠰᠤᠷᠤᠯᠴᠠᠬᠤ᠎ᠠᠴᠠ ᠰᠤᠷᠭ᠋ᠠᠨ ᠬᠥᠮᠦᠵᠢᠯ᠎ᠲᠠᠢ》 ᠪᠠᠶ᠋ᠢᠭᠰᠠᠨ᠎ᠠᠴᠠ 《ᠰᠤᠷᠤᠯᠴᠠᠬᠤ᠎ᠠᠴᠠ ᠰᠢᠯᠢᠳᠡᠭ ᠰᠤᠷᠭ᠋ᠠᠨ ᠬᠥᠮᠦᠵᠢᠯ᠎ᠲᠠᠢ》 ᠲᠡᠶ᠋ᠢᠰᠢ ᠰᠢᠯᠵᠢᠬᠦ ᠬᠡᠷᠡᠭᠴᠡᠭᠡ ᠵᠢ ᠬᠠᠩᠭ᠋ᠠᠪᠠ᠃



      ᠴᠢᠳᠠᠪᠤᠷᠢᠲᠠᠨ ᠬᠦᠴᠦᠷᠬᠡᠭ ᠪᠣᠯ ᠦᠢ᠍ᠯᠡᠰ ᠬᠦᠴᠦᠷᠬᠡᠭᠵᠢᠨ᠎ᠡ᠃ ᠦᠬᠠᠶ ᠬᠣᠲᠠ ᠪᠠᠭᠰᠢ ᠵᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠨᠢᠭᠡᠳᠦᠭᠡᠷ ᠡᠬᠢ ᠪᠠᠶᠠᠯᠢᠭ ᠪᠣᠯᠭ᠋ᠠᠵᠤ᠂ ᠪᠠᠭᠰᠢ᠂ ᠰᠤᠷᠭ᠋ᠠᠭᠤᠯᠢ ᠵᠢᠨ ᠵᠠᠬᠢᠷᠤᠯ᠂ ᠵᠢᠭ᠋ᠠᠬᠤ ᠵᠢ ᠰᠣᠳᠤᠯᠤᠭᠴᠢ ᠵᠢᠨ ᠡᠩᠨᠡᠭᠡ ᠵᠢ ᠴᠢᠷᠮᠠᠶ᠋ᠢᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠪᠠ᠃ 2019 - 2021 ᠣᠨ ᠪᠣᠯᠲᠠᠯ᠎ᠠ 972 ᠪᠠᠭᠰᠢ ᠵᠢ ᠰᠢᠭᠤᠳ ᠣᠷᠣᠭᠤᠯᠤᠨ ᠠᠪᠴᠢᠷᠠᠭᠰᠠᠨ ᠪᠠ ᠤᠷᠢᠵᠤ᠂ ᠡᠭᠦᠨ᠎ᠳᠤ 2020 ᠣᠨ᠎ᠳᠤ ᠴᠢᠩᠬᠤᠸᠠ ᠶᠡᠬᠡ ᠰᠤᠷᠭ᠋ᠠᠭᠤᠯᠢ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠠᠩᠬ᠎ᠠ ᠤᠳᠠᠭ᠎ᠠ ᠣᠷᠣᠭᠤᠯᠤᠨ ᠠᠪᠴᠢᠷᠠᠵᠠᠶ᠃ 2022 ᠣᠨ᠎ᠳᠤ 205 ᠪᠠᠭᠰᠢ ᠣᠷᠣᠭᠤᠯᠤᠨ ᠠᠪᠴᠢᠷᠠᠪᠠ᠃
      ᠦᠬᠠᠶ ᠬᠣᠲᠠ ᠴᠢᠨᠠᠷᠯᠢᠭ ᠲᠡᠩᠴᠡᠭᠦᠷᠢᠲᠡᠶ ᠪᠠᠢ᠌ᠵᠤ ᠴᠢᠨᠠᠷ ᠴᠢᠨᠰᠠᠭ᠎ᠠ᠎ᠪᠠᠷ ᠭᠣᠣᠯᠯᠠᠭᠤᠯᠬᠤ ᠵᠢ ᠪᠠᠷᠢᠮᠲᠠᠯᠠᠨ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠬᠤ ᠵᠢ ᠦᠨᠡᠨ ᠬᠦ᠌ ᠪᠠᠲᠤᠯᠠᠵᠤ᠂ 《ᠬᠥᠮᠦᠨ ᠨᠢᠭᠡ ᠪᠦᠷᠢ ᠵᠢ ᠰᠠᠶ᠋ᠢᠲᠤᠷ ᠬᠥᠮᠦᠵᠢᠭᠦᠯᠪᠡ》᠃ ᠡᠯ᠎ᠡ ᠰᠤᠷᠭ᠋ᠠᠭᠤᠯᠢ ᠵᠢᠨ᠎ᠬᠢᠨ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠬᠤᠪᠢᠰᠬᠠᠯ᠎ᠤᠨ ᠤᠳᠤᠮᠰᠢᠯ᠎ᠢ ᠰᠤᠷᠭ᠋ᠠᠭᠤᠯᠢ ᠵᠢᠨ ᠬᠦᠷᠢᠶᠡᠨ᠎ᠤ ᠥᠨᠴᠥᠭ ᠪᠤᠯᠤᠩ ᠪᠦᠷᠢ᠎ᠳᠤ ᠦᠨᠳᠦᠰᠦᠯᠡᠭᠦᠯᠵᠦ᠂ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠴᠣᠭᠴᠠᠯᠠᠨ᠂ ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠪᠠ ᠵᠠᠩ ᠰᠤᠷᠲᠠᠯ᠎ᠤᠨ ᠬᠥᠮᠦᠵᠢᠯ᠎ᠢ ᠥᠷᠨᠢᠭᠦᠯᠬᠦ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠪᠠ ᠭᠤᠸ᠎ᠠ ᠰᠠᠶ᠋ᠢᠬᠠᠨ᠎ᠤ ᠬᠥᠮᠦᠵᠢᠯ᠂ ᠬᠥᠳᠡᠯᠮᠦᠷᠢ ᠵᠢᠨ ᠬᠥᠮᠦᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠳᠡᠭᠡᠭᠰᠢᠯᠡᠭᠦᠯᠪᠡ᠃



      ᠬᠠᠢ᠍ᠢ᠍ᠷᠤᠪ᠎ᠤᠨ ᠲᠤᠬᠤᠢ ᠲᠣᠭᠣᠷᠢᠭ᠎ᠤᠨ ᠲᠠᠪᠤᠳᠤᠭ᠋ᠠᠷ ᠪᠠᠭ᠎ᠠ ᠰᠤᠷᠭ᠋ᠠᠭᠤᠯᠢ ᠥᠪᠡᠷ᠎ᠤᠨ ᠰᠤᠷᠭ᠋ᠠᠭᠤᠯᠢ ᠡᠷᠬᠢᠯᠡᠬᠦ ᠣᠨᠴᠠᠯᠢᠭ᠎ᠲᠠᠢ᠎ᠪᠠᠨ ᠤᠶᠠᠯᠳᠤᠭᠤᠯᠤᠨ᠂ ᠳᠠᠰᠬᠠᠯ᠎ᠢ ᠬᠠᠪᠰᠤᠷᠤᠨ ᠵᠢᠯᠣᠭᠣᠳᠬᠤ᠂ ᠬᠢᠴᠢᠶᠡᠯ᠎ᠤᠨ ᠭᠠᠳᠠᠨᠠᠬᠢ ᠤᠩᠰᠢᠯᠭ᠎ᠠ᠂ ᠤᠨᠴᠠᠯᠢᠬᠳᠤ ᠨᠡᠶ᠋ᠢᠭᠡᠮ᠎ᠤᠨ ᠪᠦᠯᠬᠦᠮ ᠵᠶ᠋ᠠᠷ ᠭᠣᠣᠯ ᠠᠭᠤᠯᠭ᠎ᠠ ᠪᠣᠯᠭ᠋ᠠᠭᠰᠠᠨ 《1 + N》 ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠠᠶ᠋ᠢᠭᠤᠯᠪᠠ᠃ ᠭᠠᠷᠠᠭ ᠪᠦᠷᠢ ᠵᠢᠨ ᠲᠠᠪᠤᠨ᠎ᠤ ᠦᠳᠡ ᠵᠢᠨ ᠬᠣᠶ᠋ᠢᠨᠠᠬᠢ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠠᠭ᠎ᠲᠤ 《ᠬᠢᠴᠢᠶᠡᠯ ᠰᠣᠩᠭᠣᠵᠤ ᠠᠩᠭᠢ ᠰᠢᠯᠵᠢᠬᠦ》 ᠵᠢ ᠬᠡᠷᠡᠭᠵᠢᠭᠦᠯᠦᠨ᠂ ᠰᠤᠷᠤᠭᠴᠢᠳ ᠥᠪᠡᠷ᠎ᠤᠨ ᠳᠤᠷ᠎ᠠ ᠪᠠᠬ᠎ᠠ᠎ᠪᠠᠨ ᠦᠨᠳᠦᠰᠦᠯᠡᠨ ᠠᠶ᠋ᠢᠵᠠᠮ ᠴᠣᠬᠢᠯᠭ᠋ᠠᠲᠤ ᠲᠣᠭᠯᠠᠯᠲᠠ᠂ ᠨᠠᠶ᠋ᠢᠷᠠᠯ ᠳᠠᠭᠤᠤ᠂ ᠰᠠᠭᠰᠤᠨ ᠪᠥᠮᠪᠥᠭᠡ᠂ ᠬᠥᠯ ᠪᠥᠮᠪᠥᠭᠡ᠂ ᠤᠷᠠᠨ ᠪᠢᠴᠢᠯᠭᠡ᠂ ᠤᠩᠰᠢᠯᠭ᠎ᠠ᠂ ᠫᠷᠤᠭ᠌ᠷᠠᠮ ᠨᠠᠶ᠋ᠢᠷᠠᠭᠤᠯᠬᠤ᠂ ᠬᠢᠮᠡᠯ ᠣᠶᠤᠨ ᠵᠡᠷᠭᠡ ᠣᠨᠴᠠᠯᠢᠭᠲᠤ ᠨᠡᠶ᠋ᠢᠭᠡᠮ᠎ᠤᠨ ᠪᠦᠯᠬᠦᠮ᠎ᠳᠤ ᠰᠣᠩᠭᠣᠨ ᠣᠷᠣᠵᠤ ᠪᠣᠯᠤᠨ᠎ᠠ᠃



      ᠦᠬᠠᠶ ᠬᠣᠲᠠ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢ ᠭᠦᠨᠵᠡᠭᠡᠶ᠋ᠢᠷᠡᠭᠦᠯᠦᠨ ᠨᠠᠷᠢᠯᠢᠭᠵᠢᠭᠤᠯᠵᠤ᠂ 《ᠭᠤᠷᠪᠠ ᠵᠢ ᠪᠠᠭ᠋ᠠᠰᠬᠠᠵᠤ ᠭᠤᠷᠪᠠ ᠵᠢ ᠨᠡᠮᠡᠭᠳᠡᠭᠦᠯᠬᠦ》 (ᠳᠠᠰᠬᠠᠯ᠎ᠢ ᠪᠠᠭ᠋ᠠᠰᠬᠠᠵᠤ᠂ ᠨᠣᠶ᠋ᠢᠷ᠎ᠢ ᠨᠡᠮᠡᠭᠳᠡᠭᠦᠯᠬᠦ; ᠲᠠᠪᠲᠠᠯᠭ᠎ᠠ ᠵᠢ ᠪᠠᠭ᠋ᠠᠰᠬᠠᠵᠤ᠂ ᠬᠥᠳᠡᠯᠭᠡᠭᠡᠨ᠎ᠢ ᠨᠡᠮᠡᠭᠳᠡᠭᠦᠯᠬᠦ; ᠰᠡᠳᠦᠪ ᠬᠢᠬᠦ ᠵᠢ ᠪᠠᠭ᠋ᠠᠰᠠᠬᠠᠵᠤ᠂ ᠦᠢ᠍ᠯᠡᠳᠦᠯᠭᠡ ᠵᠢ ᠨᠡᠮᠡᠭᠳᠡᠭᠦᠯᠬᠦ) ᠠᠵᠢᠯᠯᠠᠭ᠎ᠠ ᠵᠢ ᠥᠷᠨᠢᠭᠦᠯᠵᠦ᠂ ᠰᠤᠷᠤᠭᠴᠢᠳ᠎ᠤᠨ ᠳᠠᠰᠬᠠᠯ᠂ ᠤᠨᠲᠠᠯᠭ᠎ᠠ᠂ ᠭᠠᠷ ᠤᠲᠠᠰᠤ᠂ ᠣᠩᠰᠢᠯᠭ᠎ᠠ᠂ ᠪᠡᠶ᠎ᠡ ᠮᠠᠬᠠᠪᠣᠳ᠎ᠤᠨ 《ᠲᠠᠪᠤᠨ ᠵᠦᠢ᠍ᠯ᠎ᠤᠨ ᠬᠠᠮᠢᠶᠠᠷᠤᠯᠲᠠ》 ᠵᠢ ᠴᠢᠩᠭ᠋ᠠᠳᠬᠠᠨ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ 《5 + 2》᠎ᠤᠨ ᠵᠠᠭᠪᠤᠷ᠎ᠢ ᠪᠦᠬᠦ ᠲᠠᠯ᠎ᠠ᠎ᠪᠠᠷ ᠬᠡᠷᠡᠭᠵᠢᠭᠦᠯᠦᠨ ᠨᠠᠶ᠋ᠢᠳᠠᠪᠤᠷᠢᠵᠢᠭᠤᠯᠵᠤ᠂ 60 ᠭᠠᠷᠤᠢ ᠵᠦᠢ᠍ᠯ᠎ᠤᠨ ᠨᠡᠶ᠋ᠢᠭᠡᠮ᠎ᠤᠨ ᠪᠦᠯᠬᠦᠮ᠎ᠤᠨ ᠠᠵᠢᠯᠯᠠᠭ᠎ᠠ ᠵᠢ ᠥᠷᠨᠢᠭᠦᠯᠦᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢ ᠪᠦᠬᠦᠨ᠎ᠢ ᠬᠠᠮᠤᠷᠬᠤ᠂ ᠬᠡᠷᠡᠭᠴᠡᠭᠡ ᠱᠠᠭ᠋ᠠᠷᠳᠠᠯᠭ᠎ᠠ᠎ᠲᠠᠢ ᠰᠤᠷᠤᠭᠴᠢᠳ᠎ᠢ ᠪᠦᠬᠦᠨ᠎ᠢ ᠬᠠᠮᠤᠷᠬᠤ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ 《5 + 2》 ᠪᠦᠬᠦᠨ᠎ᠢ ᠬᠠᠮᠤᠷᠬᠤ ᠵᠢ ᠪᠡᠶᠡᠯᠡᠭᠦᠯᠪᠡ᠃



      ᠣᠳᠣ ᠪᠣᠯᠲᠠᠯ᠎ᠠ᠂ ᠪᠥᠬᠥ ᠬᠣᠲᠠ᠎ᠳᠤ 《ᠨᠢᠭᠡ ᠲᠥᠪ (ᠤᠳᠠ ᠵᠢᠨ ᠲᠣᠬᠣᠶ ᠲᠣᠭᠣᠷᠢᠭ)᠂ ᠬᠣᠶᠠᠷ ᠵᠢᠭᠦᠷ ᠬᠣᠯᠪᠤᠯᠳᠤᠨ ᠬᠥᠳᠡᠯᠦᠯᠴᠡᠬᠦ (ᠬᠠᠢ᠍ᠢ᠍ᠷᠤᠪ᠎ᠤᠨ ᠲᠣᠬᠣᠶ ᠲᠣᠭᠣᠷᠢᠭ᠂ ᠬᠠᠶ᠋ᠢᠨᠠᠨ ᠲᠣᠭᠣᠷᠢᠭ)》 《ᠭᠤᠷᠮᠤᠰᠤᠨ ᠴᠣᠭᠴᠠ》 ᠵᠢ ᠡᠭᠦᠳᠦᠨ ᠪᠠᠶ᠋ᠢᠭᠤᠯᠬᠤ ᠠᠵᠢᠯ᠎ᠤᠨ ᠰᠢᠨ᠎ᠡ ᠪᠠᠢ᠌ᠷᠢᠰᠢᠯᠠᠭᠤᠯᠤᠯᠲᠠ ᠵᠢ ᠦᠨᠳᠦᠰᠦᠨ᠎ᠳᠤ᠎ᠪᠠᠨ ᠪᠦᠷᠢᠯᠳᠦᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠢᠨ᠎ᠡ ᠰᠢᠯᠢᠳᠡᠭ᠂ ᠳᠡᠭᠡᠳᠦ ᠴᠢᠨᠠᠷᠯᠢᠭ》 ᠰᠢᠶᠠᠨ᠎ᠤ ᠬᠡᠪᠴᠢᠶᠡᠨ᠎ᠤ ᠰᠤᠷᠭ᠋ᠠᠨ ᠬᠥᠮᠦᠵᠢᠯ᠎ᠤᠨ ᠨᠠᠷᠠᠲᠤ ᠲᠡᠮᠳᠡᠭᠲᠦ ᠵᠢ ᠨᠢᠭᠡᠨᠲᠡ ᠪᠣᠶ ᠪᠣᠯᠭ᠋ᠠᠨ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠢ ᠲᠡᠩᠴᠡᠭᠦᠷᠢᠲᠡᠶ ᠪᠣᠯᠭ᠋ᠠᠬᠤ᠂ ᠴᠢᠨᠠᠷᠯᠢᠭ ᠪᠣᠯᠭ᠋ᠠᠬᠤ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠦᠨ᠂ ᠠᠷᠠᠳ ᠣᠯᠠᠨ᠎ᠤ ᠰᠤᠷᠭ᠋ᠠᠨ ᠬᠥᠮᠦᠵᠢᠯ᠎ᠤᠨ ᠭᠦᠷᠲᠡᠭᠡᠮᠵᠢ ᠵᠢᠨ ᠲᠥᠷᠥᠭᠳᠡᠯ᠂ ᠬᠠᠨᠤᠮᠵᠢ ᠵᠢᠨ ᠬᠡᠮᠵᠢᠶ᠎ᠡ᠂ ᠵᠣᠯ ᠵᠢᠷᠭ᠋ᠠᠯᠲᠤ ᠲᠥᠷᠥᠭᠳᠡᠯ ᠢᠯᠡᠳᠲᠡ ᠳᠡᠭᠡᠭᠰᠢᠯᠡᠪᠡ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠤᠶ᠎ᠠ — ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ 《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ》᠎ᠢ ᠬᠦᠯᠢᠶᠠᠨ ᠠᠪᠴᠤ ᠦᠵᠡᠵᠡᠭᠡᠪᠡ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠨᠢ — ᠬᠢᠩᠭ᠋ᠠᠨ ᠠᠶ᠋ᠢᠮᠠᠭ᠄ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶ᠋ᠢᠲᠤᠷ ᠰᠤᠷᠴᠤ ᠬᠡᠷᠡᠭᠯᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠪᠠ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠤᠶ᠎ᠠ — ᠨᠠᠷᠠᠨᠪᠢᠯᠢᠭ᠌᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠤᠷᠭ᠋ᠠᠭᠤᠯᠢ ᠵᠢᠨ ᠬᠦᠷᠢᠶᠡᠨ᠎ᠳᠤ ᠦᠨᠳᠦᠰᠦᠯᠡᠭᠦᠯᠦᠶ᠎ᠡ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠤᠶ᠎ᠠ — ᠣᠷᠳᠣᠰ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ 《1 + 1 + 4》 ᠵᠢ ᠬᠡᠷᠡᠭᠵᠢᠭᠦᠯᠪᠡ
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠨᠢ — ᠪᠦᠬᠦ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠥᠲᠦᠮᠵᠢ ᠵᠢᠨ ᠠᠬᠤᠢ ᠲᠠᠯᠠᠪᠠᠢ ᠵᠢᠨ ᠬᠤᠷᠠᠯ᠎ᠢ ᠬᠤᠷᠠᠯᠳᠤᠭᠤᠯᠪᠠ
 
             蒙ICP备05000248号