ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠭᠰᠡᠨ ᠠᠵᠢᠯ᠎ᠤᠨ ᠲᠤᠷᠰᠢᠯᠭ᠎ᠠ ᠵᠢ ᠳ᠋ᠦᠩᠨᠡᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠤᠯᠠᠮ ᠴᠠᠭ᠋ᠠᠰᠢᠲᠠ ᠳᠡᠭᠡᠭᠰᠢᠯᠡᠭᠦᠯᠬᠦ ᠵᠢᠨ ᠲᠥᠯᠥᠭᠡ᠂ ᠲᠦᠷᠦᠭᠦᠬᠡᠨ᠂ ᠪᠦᠬᠦ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠥᠲᠦᠮᠵᠢ ᠵᠢᠨ ᠠᠬᠤᠢ ᠲᠠᠯᠠᠪᠠᠢ ᠵᠢᠨ ᠬᠤᠷᠠᠯ᠎ᠢ ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤᠨ᠎ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠶᠡᠷᠦᠩᠬᠡᠢ ᠰᠤᠷᠭ᠋ᠠᠭᠤᠯᠢ ᠪᠠᠶ᠋ᠢᠴᠠᠭ᠋ᠠᠭᠴᠢ ᠵᠦ᠍ ᠪᠦᠦ ᠵᠢᠶᠠᠩ ᠠᠬᠤᠢ ᠲᠠᠯᠠᠪᠠᠢ ᠵᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠰᠢᠯᠢ ᠵᠢᠨ ᠭᠣᠣᠯ ᠠᠶ᠋ᠢᠮᠠᠭ᠎ᠤᠨ ᠨᠠᠮ᠎ᠤᠨ ᠬᠣᠷᠢᠶᠠᠨ᠎ᠤ ᠭᠡᠰᠢᠭᠦᠨ᠂ ᠠᠶ᠋ᠢᠮᠠᠭ᠎ᠤᠨ ᠪᠠᠶ᠋ᠢᠩᠭᠤ ᠵᠢᠨ ᠳᠡᠳ᠋ ᠳᠠᠷᠤᠭ᠎ᠠ ᠵᠠᠩ ᠢ᠂ ᠠᠷᠠᠳ᠎ᠤᠨ ᠰᠤᠷᠭ᠋ᠠᠨ ᠬᠥᠮᠦᠵᠢᠯ᠎ᠤᠨ ᠬᠡᠪᠯᠡᠯ᠎ᠤᠨ ᠬᠣᠷᠢᠶᠠᠨ᠎ᠤ ᠳᠡᠳ᠋ ᠶᠡᠷᠦᠩᠬᠡᠢ ᠨᠠᠶ᠋ᠢᠷᠠᠭᠤᠯᠤᠭᠴᠢ ᠵᠦ᠍ ᠢᠦᠢ ᠭᠦᠸᠧ ᠬᠤᠷᠠᠯ᠎ᠳᠤ ᠣᠷᠣᠯᠴᠠᠪᠠ᠃


ᠡᠨᠡ ᠤᠳᠠᠭ᠋ᠠᠨ᠎ᠤ ᠠᠬᠤᠢ ᠲᠠᠯᠠᠪᠠᠶ ᠵᠢᠨ ᠬᠤᠷᠠᠯ᠎ᠨᠢ ᠡᠯ᠎ᠡ ᠭᠠᠵᠠᠷ᠎ᠤᠨ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠭᠰᠡᠨ ᠭᠤᠷᠪᠠᠨ ᠵᠢᠯ᠎ᠤᠨ ᠲᠤᠷᠰᠢᠬᠢ ᠭᠤᠤᠯ ᠠᠵᠢᠯ᠎ᠤᠨ ᠦᠷ᠎ᠡ ᠪᠥᠲᠦᠮᠵᠢ ᠪᠠ ᠲᠤᠷᠰᠢᠯᠭ᠎ᠠ ᠵᠢ ᠪᠥᠬᠥ ᠲᠠᠯ᠎ᠠ᠎ᠪᠠᠷ ᠳ᠋ᠦᠩᠨᠡᠨ ᠰᠣᠯᠢᠯᠴᠠᠭᠰᠠᠨ ᠪᠥᠭᠡᠳ ᠲᠠᠷᠠᠭ᠋ᠠᠴᠢ ᠵᠢᠨ ᠱᠠᠲᠤᠨ᠎ᠤ ᠠᠵᠢᠯ᠎ᠤᠨ ᠡᠭᠦᠷᠭᠡ ᠵᠢ ᠰᠤᠳᠤᠯᠤᠨ ᠪᠠᠶ᠋ᠢᠷᠢᠯᠠᠭᠤᠯᠪᠠ᠃ ᠡᠯ᠎ᠡ ᠠᠶ᠋ᠢᠮᠠᠭ ᠬᠣᠲᠠ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠭᠰᠡᠨ ᠠᠵᠢᠯ᠎ᠤᠨ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠪᠠ᠃

ᠬᠤᠷᠠᠯ᠎ᠳᠤ ᠣᠷᠣᠯᠴᠠᠭᠰᠠᠳ ᠤᠤᠯ᠎ᠤᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠶ᠋ᠢᠭᠰᠠᠨ ᠬᠡᠰᠡᠭ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠵᠦ᠂ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠂ ᠰᠤᠷᠤᠭᠴᠢ ᠵᠢᠨ ᠳᠠᠰᠬᠠᠯ᠂ ᠪᠠᠭᠰᠢ ᠰᠤᠷᠤᠭᠴᠢ ᠵᠢᠨ ᠪᠦᠲᠦᠭᠡᠯ᠂ ᠦᠵᠡᠭᠦᠯᠭᠡ ᠵᠢᠨ ᠰᠠᠮᠪᠠᠷ᠎ᠠ ᠵᠢᠨ ᠵᠢᠷᠤᠭ᠂ ᠰᠣᠶᠣᠯ ᠪᠡᠶ᠎ᠡ ᠵᠢᠨ ᠲᠠᠮᠢᠷ᠎ᠤᠨ ᠲᠣᠭᠯᠠᠯᠲᠠ᠂ ᠰᠤᠷᠤᠭᠴᠢ ᠵᠢᠨ ᠲᠠᠶ᠋ᠢᠯᠪᠤᠷᠢᠯᠠᠯᠲᠠ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠲᠡᠭᠦᠨ᠎ᠤ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠡᠷᠭᠡ ᠲᠠᠯ᠎ᠠ᠎ᠪᠠᠷ ᠣᠯᠤᠭᠰᠠᠨ ᠢᠯᠡᠳᠲᠡ ᠠᠮᠵᠢᠯᠲᠠ ᠪᠦᠲᠦᠮᠵᠢ ᠵᠢ ᠢᠯᠡᠷᠡᠭᠦᠯᠵᠦ᠂ ᠬᠤᠷᠠᠯ᠎ᠳᠤ ᠣᠷᠣᠯᠴᠠᠭᠰᠠᠳ᠎ᠤᠨ ᠳᠡᠭᠡᠳᠦ ᠬᠡᠮᠵᠢᠶᠡᠨ᠎ᠤ ᠮᠠᠭᠲᠠᠭ᠋ᠠᠯ ᠰᠠᠶ᠋ᠢᠰᠢᠶᠠᠯ᠎ᠢ ᠣᠯᠵᠠᠶ᠃

ᠡᠨᠡ ᠤᠳᠠᠭ᠋ᠠᠨ᠎ᠤ ᠠᠵᠢᠯᠯᠠᠭ᠎ᠠ᠎ᠳᠤ ᠬᠢᠴᠢᠶᠡᠯᠯᠡᠭᠡ ᠵᠢ ᠳᠡᠯᠭᠡᠨ ᠦᠵᠡᠭᠦᠯᠬᠦ ᠭᠣᠭᠴᠣᠭ᠎ᠠ ᠵᠢ ᠣᠨᠴᠠᠭ᠋ᠠᠶ᠋ᠢᠯᠠᠨ ᠲᠣᠬᠢᠷᠠᠭᠤᠯᠵᠤ᠂ ᠤᠤᠯ᠎ᠤᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠶ᠋ᠢᠭᠰᠠᠨ ᠰᠤᠷᠭ᠋ᠠᠭᠤᠯᠢ ᠵᠢᠨ 10 ᠪᠠᠭᠰᠢ᠎ᠠᠴᠠ ᠳᠠᠭᠤᠷᠢᠶᠠᠯ ᠦᠵᠡᠭᠦᠯᠬᠦ ᠬᠢᠴᠢᠶᠡᠯ᠎ᠢ ᠳᠡᠯᠭᠡᠨ ᠦᠵᠡᠭᠦᠯᠵᠦ᠂ ᠲᠤᠰᠬᠠᠶ ᠮᠡᠷᠭᠡᠵᠢᠯᠲᠡᠨ ᠬᠢᠨᠠᠨ ᠦᠨᠡᠯᠡᠭᠰᠡᠨ᠎ᠤ ᠳᠠᠷᠠᠭ᠎ᠠ᠂ ᠲᠡᠭᠦᠨ᠎ᠤ ᠳᠣᠲᠣᠷᠠᠬᠢ 5 ᠬᠢᠴᠢᠶᠡᠯ᠎ᠢ ᠠᠬᠤᠢ ᠲᠠᠯᠠᠪᠠᠢ᠎ᠳᠤ ᠳᠠᠪᠲᠠᠵᠤ᠂ ᠳᠠᠬᠢᠨ ᠬᠢᠴᠢᠶᠡᠯ ᠪᠡᠯᠡᠳᠬᠡᠵᠦ᠂ ᠳᠠᠷᠠᠭ᠎ᠠ ᠡᠳᠦᠷ᠎ᠤᠨ ᠬᠢᠨᠢ ᠦᠳᠡ ᠵᠢᠨ ᠡᠮᠦᠨ᠎ᠡ ᠳᠠᠬᠢᠨᠲᠠ ᠳᠡᠯᠭᠡᠨ ᠦᠵᠡᠭᠦᠯᠵᠦ᠂ ᠲᠣᠰ ᠬᠡᠯᠪᠡᠷᠢ᠎ᠪᠠᠷ ᠳᠠᠮᠵᠢᠭᠤᠯᠤᠨ ᠪᠠᠭᠰᠢ ᠵᠢᠨ ᠵᠢᠭ᠋ᠠᠬᠤ ᠴᠢᠳᠠᠪᠤᠷᠢ ᠵᠢ ᠳᠠᠪᠲᠠᠨ ᠪᠣᠯᠪᠠᠰᠤᠷᠠᠭᠤᠯᠵᠤ ᠳᠡᠭᠡᠭᠰᠢᠯᠡᠭᠦᠯᠬᠦ᠎ᠪᠠᠷ ᠵᠣᠷᠢᠯᠭ᠎ᠠ ᠪᠣᠯᠭ᠋ᠠᠵᠠᠶ᠃ ᠡᠭᠦᠨ᠎ᠤ ᠬᠠᠮᠲᠤ᠂ ᠪᠡᠭᠡᠵᠢᠩ ᠬᠣᠲᠠ᠂ ᠲᠢᠶᠠᠨᠵᠢᠨ ᠬᠣᠲᠠ᠂ ᠭᠢᠷᠢᠨ ᠮᠤᠵᠢ᠂ ᠵᠢᠶᠠᠩᠰᠦ ᠮᠤᠵᠢ᠎ᠠᠴᠠ ᠢᠷᠡᠭᠰᠡᠨ ᠨᠠᠷᠠᠲᠤ ᠲᠤᠰᠬᠠᠶ ᠮᠡᠷᠭᠡᠵᠢᠯᠲᠡᠨ ᠲᠤᠰᠬᠠᠶ ᠰᠡᠳᠦᠪᠲᠦ ᠲᠠᠶ᠋ᠢᠯᠤᠮᠵᠢ ᠬᠢᠭᠰᠡᠨ ᠪᠥᠭᠡᠳ ᠪᠠᠭᠰᠢ ᠨᠠᠷ᠎ᠤᠨ ᠮᠠᠲᠠᠭ᠎ᠢ ᠲᠠᠢ᠌ᠯᠵᠤ ᠥᠭᠴᠡᠶ᠃

ᠬᠤᠷᠠᠯ᠎ᠳᠤ ᠣᠷᠣᠯᠴᠠᠭᠰᠠᠳ ᠪᠠᠰᠠ ᠲᠤᠰᠬᠠᠢ ᠦᠵᠡᠭᠦᠯᠭᠡ ᠵᠢᠨ ᠬᠢᠴᠢᠶᠡᠯᠯᠡᠭᠡ ᠵᠢ ᠠᠬᠤᠢ ᠲᠠᠯᠠᠪᠠᠢ᠎ᠳᠤ ᠲᠣᠭᠣᠷᠢᠨ ᠦᠵᠡᠪᠡ᠂ ᠲᠤᠬᠠᠶ᠋ᠢᠯᠠᠪᠠᠯ ᠵᠡᠭᠦᠨ ᠦᠵᠦᠮᠦᠴᠢᠨ ᠬᠣᠰᠢᠭᠤᠨ᠎ᠤ ᠳᠥᠷᠪᠡᠳᠦᠭᠡᠷ ᠪᠠᠭ᠎ᠠ ᠰᠤᠷᠭ᠋ᠠᠭᠤᠯᠢ ᠪᠣᠯᠤᠨ ᠵᠡᠭᠦᠨ ᠦᠵᠦᠮᠦᠴᠢᠨ ᠬᠣᠰᠢᠭᠤᠨ᠎ᠤ ᠮᠠᠨᠳᠤᠬᠤᠪᠤᠯᠠᠭ ᠰᠤᠷᠭ᠋ᠠᠭᠤᠯᠢ ᠵᠢᠨ ᠰᠤᠷᠤᠭᠴᠢᠳ ᠬᠠᠮᠲᠤ᠎ᠳᠤ᠎ᠪᠠᠨ ᠨᠢᠭᠡ ᠬᠢᠴᠢᠶᠡᠯ ᠣᠷᠣᠵᠤ᠂ ᠬᠢᠴᠢᠶᠡᠯ᠎ᠢ ᠤᠷᠤᠰᠤᠮ᠎ᠠ ᠰᠠᠶ᠋ᠢᠬᠠᠨ ᠵᠢᠭ᠋ᠠᠵᠤ᠂ ᠮᠠᠰᠢ ᠰᠠᠢ᠍ᠢ᠍ᠨ ᠦᠷ᠎ᠡ ᠪᠦᠲᠦᠮᠵᠢ ᠣᠯᠪᠠ᠃
ᠡᠨᠡ ᠤᠳᠠᠭ᠋ᠠᠨ᠎ᠤ ᠠᠵᠢᠯᠯᠠᠭ᠎ᠠ ᠵᠢ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠪᠠ᠃ ᠪᠦᠬᠦ ᠣᠷᠣᠨ᠎ᠤ ᠡᠯ᠎ᠡ ᠭᠠᠵᠠᠷ᠎ᠤᠨ ᠵᠢᠭ᠋ᠠᠬᠤ ᠵᠢ ᠰᠤᠳᠤᠯᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠬᠤ ᠵᠢ ᠰᠤᠳᠤᠯᠤᠭᠴᠢ ᠪᠠ ᠬᠡᠰᠡᠭ ᠰᠤᠷᠭ᠋ᠠᠭᠤᠯᠢ ᠵᠢᠨ ᠵᠠᠬᠢᠷᠤᠯ᠂ ᠪᠠᠭᠰᠢ ᠵᠢᠨ ᠲᠥᠯᠥᠭᠡᠯᠡᠭᠴᠢ ᠬᠤᠷᠠᠯ᠎ᠳᠤ ᠣᠷᠣᠯᠴᠠᠵᠠᠢ᠃ ᠰᠦᠯᠵᠢᠶᠡᠨ᠎ᠳᠤ ᠭᠥᠯᠢᠶᠡᠨ ᠠᠪᠴᠤ ᠦᠵᠡᠭᠰᠡᠨ ᠬᠥᠮᠦᠨ᠎ᠤ ᠲᠣᠭ᠎ᠠ 3 . 4 ᠲᠦᠮᠡ ᠭᠠᠷᠤᠶ ᠬᠥᠮᠦᠨ ᠤᠳᠠᠭ᠎ᠠ᠎ᠳᠤ ᠬᠦᠷᠪᠡ᠃