ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠤᠶ᠎ᠠ — ᠨᠠᠷᠠᠨᠪᠢᠯᠢᠭ᠌᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠤᠷᠭ᠋ᠠᠭᠤᠯᠢ ᠵᠢᠨ ᠬᠦᠷᠢᠶᠡᠨ᠎ᠳᠤ ᠦᠨᠳᠦᠰᠦᠯᠡᠭᠦᠯᠦᠶ᠎ᠡ
ᠨᠡᠶ᠋ᠢᠲᠡᠯᠡᠭᠰᠡᠨ ᠴᠠᠭ᠄ 2023-07-10


      ᠬᠠᠪᠤᠷ᠎ᠤᠨ ᠡᠬᠢ᠎ᠪᠠᠷ ᠤᠷᠢᠬᠠᠨ ᠰᠠᠯᠬᠢ ᠬᠠᠴᠠᠷ᠎ᠢ ᠢᠯᠪᠢᠵᠦ᠂ ᠰᠤᠷᠭ᠋ᠠᠭᠤᠯᠢ ᠵᠢᠨ ᠬᠦᠷᠢᠶᠡᠨ᠎ᠳᠤ ᠠᠮᠢᠵᠢᠷᠠᠯ᠎ᠤᠨ ᠬᠦᠴᠦᠨ ᠪᠢᠯᠬᠠᠨᠠᠮ᠃
     《ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠳᠤᠮᠳᠠ ᠪᠠᠷᠠᠭᠤᠨ ᠣᠷᠣᠨ᠎ᠤ ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢ ᠳᠡᠮᠵᠢᠨ᠎ᠡ ᠭᠡᠵᠦ ᠳᠤᠷᠠᠳᠴᠠᠶ᠂ ᠡᠨᠡ᠎ᠨᠢ ᠣᠷᠣᠨ ᠨᠤᠲᠤᠭ᠎ᠤᠨ ᠳᠡᠭᠡᠳᠦ ᠰᠤᠷᠭ᠋ᠠᠭᠤᠯᠢ ᠵᠢᠨ ᠬᠥᠭᠵᠢᠯᠲᠡ ᠪᠠ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠠᠵᠠ ᠲᠣᠬᠢᠶᠠᠯ ᠠᠪᠴᠢᠷᠠᠪᠠ ᠁》᠃
     3 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠲᠢᠶᠠᠨ ᠯᠧᠦ ᠠᠰᠠᠷ᠎ᠤᠨ 607 ᠬᠤᠷᠠᠯ᠎ᠤᠨ ᠬᠡᠷ᠎ᠲᠤ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠶᠠᠪᠤᠭᠳᠠᠭᠤᠯᠵᠤ ᠪᠠᠢ᠌ᠯ᠎ᠠ᠃ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠫᠷᠤᠹᠸᠰᠰᠤᠷ ᠨᠠᠷᠠᠨᠪᠢᠯᠢᠭ᠌ ᠥᠪᠡᠷ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠰᠡᠳᠬᠢᠯ ᠥᠨᠳᠦᠷ ᠣᠶ᠋ᠢᠯᠠᠭ᠋ᠠᠯᠲᠠ ᠲᠦᠷᠦᠭᠳᠡᠯ ᠵᠶ᠋ᠠᠨ ᠶᠠᠷᠢᠵᠤ᠂ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠭᠰᠠᠨ ᠲᠦᠷᠦᠭᠳᠡᠯ ᠵᠶ᠋ᠠᠨ ᠬᠤᠪᠢᠶᠠᠯᠴᠠᠪᠠ᠃
      ᠤᠬᠠᠭᠤᠯᠤᠨ ᠲᠠᠶ᠋ᠢᠯᠪᠤᠷᠢᠯᠠᠬᠤ ᠬᠤᠷᠠᠯ᠎ᠤᠨ ᠠᠬᠤᠢ ᠲᠠᠯᠠᠪᠠᠢ᠎ᠳᠤ᠂ ᠰᠤᠷᠭ᠋ᠠᠭᠤᠯᠢ ᠵᠢᠨ ᠦᠨᠳᠦᠰᠦᠲᠡᠨ᠎ᠤ ᠰᠤᠳᠤᠯᠤᠯ ᠬᠥᠮᠦᠨ ᠲᠥᠷᠥᠯᠬᠢᠲᠡᠨ᠎ᠤ ᠰᠤᠳᠤᠯᠤᠯ᠎ᠤᠨ ᠳᠡᠭᠡᠳᠦ ᠰᠤᠷᠭ᠋ᠠᠭᠤᠯᠢ ᠵᠢᠨ ᠪᠦᠬᠦ ᠪᠠᠭᠰᠢ ᠠᠵᠢᠯᠳᠠᠨ ᠨᠠᠷᠢᠨ ᠬᠢᠨᠠᠮᠠᠭ᠋ᠠᠢ ᠰᠣᠨᠣᠰᠴᠤ᠂ ᠪᠠᠶ᠋ᠢᠨ ᠪᠠᠶ᠋ᠢᠨ ᠲᠡᠮᠳᠡᠭᠯᠡᠯ ᠬᠢᠵᠦ ᠪᠠᠶ᠋ᠢᠯ᠎ᠠ᠃ 《ᠥᠨᠥᠳᠦᠷ᠎ᠤᠨ ᠤᠬᠠᠭᠤᠯᠤᠨ ᠲᠠᠶ᠋ᠢᠯᠪᠤᠷᠢᠯᠠᠬᠤ ᠬᠤᠷᠠᠯ ᠶᠠᠭ ᠴᠠᠭ᠎ᠤᠨ ᠬᠤᠷ᠎ᠠ ᠮᠡᠲᠦ ᠮᠠᠨ᠎ᠤ ᠰᠤᠷᠭ᠋ᠠᠭᠤᠯᠢ ᠵᠢᠨ ᠪᠥᠬᠥ ᠪᠠᠭᠰᠢ ᠨᠠᠷ᠎ᠲᠤ ᠨᠠᠮ ᠪᠠ ᠤᠯᠤᠰ᠎ᠤᠨ ᠲᠠᠭᠤᠨ᠎ᠢ ᠳᠠᠮᠵᠢᠭᠤᠯᠤᠭᠰᠠᠨ ᠵᠶ᠋ᠠᠷ ᠪᠠᠷᠠᠬᠤ ᠥᠬᠡᠶ᠂ ᠪᠠᠰᠠ ᠣᠯᠠᠨ᠎ᠢ ᠬᠠᠪᠰᠤᠷᠤᠨ ᠡᠷᠳᠡᠮ ᠰᠢᠨᠵᠢᠯᠡᠭᠡᠨ ᠪᠠ ᠵᠢᠭ᠋ᠠᠨ ᠰᠤᠷᠭ᠋ᠠᠯᠲᠠ ᠵᠢᠨ ᠴᠢᠭᠯᠡᠯ᠎ᠢ ᠲᠣᠳᠤᠷᠬᠠᠢ᠌ᠯᠠᠵᠤ᠂ ᠲᠤᠰᠬᠠᠶ ᠮᠡᠷᠭᠡᠵᠢᠯ᠎ᠤᠨ ᠮᠡᠳᠡᠯᠭᠡ ᠵᠢ ᠤᠯᠤᠰ ᠣᠷᠣᠨ᠎ᠤ ᠴᠢᠳᠠᠪᠤᠷᠢᠲᠠᠨ ᠬᠥᠮᠦᠵᠢᠭᠦᠯᠬᠦ᠂ ᠠᠷᠠᠳ ᠲᠦᠮᠡᠨ᠎ᠳᠤ ᠦᠢ᠍ᠯᠡᠴᠢᠯᠡᠬᠦ ᠪᠣᠳᠠᠲᠠᠶ ᠠᠵᠢᠯ᠎ᠳᠤ ᠨᠠᠩ ᠰᠠᠶ᠋ᠢᠲᠤᠷ ᠬᠡᠷᠡᠭᠯᠡᠬᠦ ᠪᠣᠯᠤᠨ᠎ᠠ》 ᠭᠡᠵᠦ   ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠪᠦᠦ ᠹᠸᠩ ᠯᠠᠨ ᠬᠡᠯᠡᠪᠡ᠃
      ᠨᠠᠷᠠᠨᠪᠢᠯᠢᠭ᠌ ᠪᠣᠯ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠤᠳᠤᠯᠭ᠋ᠠᠨ᠎ᠤ ᠰᠠᠭᠤᠷᠢᠨ ᠭᠠᠵᠠᠷ》᠎ᠤᠨ ᠲᠡᠷᠢᠭᠦᠨ᠎ᠤ ᠲᠤᠰᠬᠠᠢ ᠮᠡᠷᠭᠡᠵᠢᠯᠲᠡᠨ᠂ ᠦᠨᠳᠦᠰᠦᠲᠡᠨ᠎ᠤ ᠰᠤᠳᠤᠯᠤᠯ᠎ᠤᠨ ᠬᠦᠷᠢᠶᠡᠨ᠎ᠤ ᠳᠠᠭ᠋ᠠᠭᠤᠯᠤᠭᠴᠢ ᠵᠢᠨ ᠨᠢᠭᠡ ᠪᠣᠯᠤᠨ᠎ᠠ᠃ ᠤᠯᠠᠨ ᠵᠢᠯ᠎ᠤᠨ ᠲᠤᠷᠰᠢ᠂ ᠲᠡᠮᠳᠡᠭ᠎ᠤᠨ ᠤᠬᠠᠭ᠋ᠠᠨ᠎ᠤ ᠤᠨᠤᠯ ᠵᠶ᠋ᠠᠷ ᠦᠨᠳᠦᠰᠦᠲᠡᠨ ᠪᠠ ᠪᠥᠯᠦᠭᠲᠡᠨ᠎ᠤ ᠦᠵᠡᠭᠳᠡᠯ᠎ᠢ ᠰᠤᠳᠤᠯᠬᠤ᠎ᠪᠠᠷ ᠬᠦᠴᠦᠯᠡᠨ ᠴᠢᠷᠮᠠᠶ᠋ᠢᠵᠤ᠂ 《ᠤᠳᠤ ᠦᠶ᠎ᠡ ᠵᠢᠨ ᠠᠬᠤᠢ ᠪᠠᠶ᠋ᠢᠳᠠᠯ᠎ᠳᠠᠬᠢ ᠪᠥᠯᠦᠭᠲᠡᠨ᠎ᠤ ᠪᠥᠲᠦᠴᠡ》᠂ 《ᠲᠥᠮᠡᠨ ᠵᠦᠢ᠍ᠯ᠎ᠲᠠᠢ ᠬᠠᠮᠲᠤ ᠣᠷᠣᠰᠢᠬᠤ ᠪᠥᠯᠦᠭᠲᠡᠨ ᠪᠣᠯᠤᠨ ᠦᠨᠳᠦᠰᠦᠲᠡᠨ》 ᠵᠡᠷᠭᠡ ᠤᠯᠠᠨ ᠲᠤᠰᠬᠠᠢ ᠪᠦᠲᠦᠭᠡᠯ ᠵᠢᠴᠢ 200 ᠭᠠᠷᠤᠢ ᠡᠷᠳᠡᠮ ᠰᠢᠨᠵᠢᠯᠡᠭᠡᠨ᠎ᠤ ᠥᠭᠦᠯᠡᠯ ᠨᠡᠶ᠋ᠢᠲᠡᠯᠡᠭᠦᠯᠵᠡᠢ᠃
      ᠪᠥᠬᠥ ᠤᠯᠤᠰ᠎ᠤᠨ ᠬᠣᠶᠠᠷ ᠬᠤᠷᠠᠯ ᠳᠡᠭᠡᠷ᠎ᠡ᠂ ᠨᠠᠷᠠᠨᠪᠢᠯᠢᠭ᠌᠎ᠤᠨ ᠰᠠᠨᠠᠯ ᠳᠤᠷᠠᠳᠤᠯᠭ᠎ᠠ ᠪᠣᠯ ᠲᠣᠭ᠋ᠠᠵᠢᠭᠤᠯᠤᠭᠰᠠᠨ ᠮᠡᠷᠭᠡᠵᠢᠯ ᠪᠠ ᠤᠯᠠᠮᠵᠢᠯᠠᠯᠲᠤ ᠮᠡᠷᠭᠡᠵᠢᠯ᠎ᠢ ᠠᠰᠢᠭᠯᠠᠨ 《ᠰᠢᠨ᠎ᠡ ᠳᠤᠮᠳᠠᠳᠤ ᠤᠯᠤᠰ᠎ᠤᠨ ᠨᠡᠶ᠋ᠢᠭᠡᠮ᠎ᠤᠨ ᠴᠡᠭᠡᠵᠢᠯᠡᠬᠦᠢ ᠵᠢᠨ ᠤᠯᠤᠰ᠎ᠤᠨ ᠮᠠᠲ᠋ᠧᠷᠢᠶᠠᠯ᠎ᠤᠨ ᠲᠥᠪ》᠎ᠢ ᠪᠠᠶ᠋ᠢᠭᠤᠯᠬᠤ ᠪᠣᠯᠤᠨ᠎ᠠ᠂ ᠲᠡᠷᠡ ᠡᠯ᠎ᠡ ᠮᠤᠵᠢ ᠣᠷᠣᠨ᠎ᠤ ᠲᠥᠪ ᠬᠣᠲᠠ᠎ᠳᠤ 《ᠰᠢᠨ᠎ᠡ ᠳᠤᠮᠳᠠᠳᠤ ᠤᠯᠤᠰ᠎ᠤᠨ ᠨᠡᠶ᠋ᠢᠭᠡᠮ᠎ᠤᠨ ᠴᠡᠭᠡᠵᠢᠯᠡᠬᠦᠢ ᠵᠢᠨ ᠮᠠᠲ᠋ᠧᠷᠢᠶᠠᠯ᠎ᠤᠨ ᠬᠥᠮᠥᠷᠭᠡ》 ᠵᠢ ᠪᠠᠶ᠋ᠢᠭᠤᠯᠵᠤ᠂ ᠠᠷᠠᠳ ᠣᠯᠠᠨ᠎ᠤ ᠲᠠᠯ᠎ᠠ ᠵᠢᠨ᠂ ᠡᠭᠡᠯ ᠠᠷᠠᠳ᠎ᠤᠨ ᠠᠮᠢᠳᠤᠷᠠᠯ᠎ᠳᠠᠬᠢ ᠨᠠᠮ᠎ᠤᠨ ᠪᠠᠶ᠋ᠢᠭᠤᠯᠤᠯᠲᠠ ᠵᠢᠨ ᠰᠣᠶᠣᠯ᠂ ᠬᠤᠪᠢᠰᠬᠠᠯᠲᠤ ᠰᠣᠶᠣᠯ᠂ ᠲᠡᠷᠢᠭᠦᠨ᠎ᠤ ᠰᠣᠶᠣᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠪᠥᠲᠥᠭᠡᠨ ᠪᠠᠶ᠋ᠢᠭᠤᠯᠤᠯᠲᠠ ᠵᠡᠷᠭᠡ ᠡᠯ᠎ᠡ ᠲᠥᠷᠥᠯ᠎ᠤᠨ ᠨᠡᠶ᠋ᠢᠭᠡᠮ᠎ᠤᠨ ᠴᠡᠭᠡᠵᠢᠯᠡᠬᠦᠢ ᠵᠢᠨ ᠮᠠᠲ᠋ᠧᠷᠢᠶᠠᠯ᠎ᠢ ᠲᠡᠮᠳᠡᠭᠯᠡᠨ ᠬᠠᠳᠠᠭ᠋ᠠᠯᠠᠵᠤ᠂ ᠳᠤᠮᠳᠠᠳᠤ ᠵᠢᠨ ᠰᠣᠶᠣᠯ᠎ᠤᠨ ᠬᠠᠮ ᠣᠨᠴᠠᠯᠢᠭ᠎ᠢ ᠲᠣᠪᠤᠢ᠌ᠯᠭ᠋ᠠᠨ᠎ᠠ ᠭᠡᠵᠦ ᠰᠠᠨᠠᠭᠤᠯᠵᠠᠶ᠃
      ᠶᠣᠰᠣ ᠵᠦᠶ᠎ᠪᠠᠷ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠭᠦᠨ ᠦᠨᠳᠦᠰᠦᠯᠡᠭᠦᠯᠬᠦ᠎ᠳᠤ ᠬᠦᠴᠦᠨ ᠨᠡᠮᠡᠷᠢᠯᠡᠵᠦ᠂ ᠬᠣᠶᠠᠷ ᠵᠢᠯ᠎ᠤᠨ ᠲᠤᠷᠰᠢ᠂ ᠨᠠᠷᠠᠨᠪᠢᠯᠢᠭ᠌ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠠᠴᠠ ᠡᠭᠦᠰᠴᠦ᠂ ᠦᠨᠳᠦᠰᠦᠲᠡᠨ᠎ᠤ ᠠᠵᠢᠯ ᠪᠠ ᠦᠨᠳᠦᠰᠦᠲᠡᠨ᠎ᠤ ᠣᠨᠣᠯ᠎ᠤᠨ ᠰᠤᠳᠤᠯᠭ᠋ᠠᠨ᠎ᠤ ᠲᠣᠭᠣᠷᠢᠨ᠎ᠳᠤ ᠶᠡᠬᠡ ᠬᠡᠮᠵᠢᠶᠡᠨ᠎ᠤ ᠠᠵᠢᠯ ᠬᠢᠵᠦ᠂ ᠤᠷᠢᠳ ᠬᠣᠵᠢᠳ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠭᠤᠤᠯᠳᠠᠯᠭ᠎ᠠ᠎ᠲᠠᠢ ᠲᠥᠷᠥᠯ ᠵᠦᠢ᠍ᠯ 《ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠵᠠᠩᠭᠢᠯᠠᠭ᠎ᠠ ᠵᠢᠨ ᠲᠡᠮᠳᠡᠭ ᠵᠢᠴᠢ ᠦᠨᠳᠦᠰᠦᠲᠡᠨ᠎ᠤ ᠬᠠᠷᠢᠴᠠᠭ᠋ᠠᠨ᠎ᠳᠤ ᠦᠵᠡᠭᠦᠯᠬᠦ ᠨᠥᠯᠥᠭᠡ ᠵᠢᠨ ᠰᠤᠳᠤᠯᠭ᠋ᠠᠨ》᠂ 《ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠤᠨ ᠤᠯᠤᠰ᠎ᠤᠨ ᠵᠦᠪᠰᠢᠶᠡᠷᠡᠬᠦᠢ ᠵᠢᠨ ᠰᠤᠳᠤᠯᠭ᠋ᠠᠨ》 ᠵᠡᠷᠭᠡ ᠣᠯᠠᠨ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠢ ᠡᠷᠭᠢᠯᠡᠪᠡ᠃
     《ᠰᠢᠨ᠎ᠡ ᠠᠶᠠᠯᠠᠯ᠎ᠳᠤ᠂ ᠪᠢᠳᠡ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠰᠠᠭᠤᠷᠢᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠥᠷᠨᠢᠭᠦᠯᠵᠦ᠂ ᠰᠤᠷᠭ᠋ᠠᠭᠤᠯᠢ ᠵᠢᠨ ᠬᠠᠮᠲᠤ ᠠᠵᠢᠯᠯᠠᠭᠰᠠᠳ᠎ᠲᠠᠢ᠎ᠪᠠᠨ ᠬᠠᠮᠲᠤ᠎ᠪᠠᠷ ᠴᠢᠷᠮᠠᠶ᠋ᠢᠨ ᠤᠷᠤᠭᠰᠢᠯᠠᠵᠤ᠂ ᠦᠨᠳᠦᠰᠦᠲᠡᠨ᠎ᠤ ᠰᠤᠳᠤᠯᠤᠯ᠎ᠤᠨ ᠰᠢᠨᠵᠢᠯᠡᠭᠡᠨ᠎ᠤ ᠰᠠᠯᠠᠭ᠎ᠠ ᠵᠢ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠪᠣᠯᠭ᠋ᠠᠨ ᠪᠥᠲᠥᠭᠡᠨ ᠪᠠᠶ᠋ᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠰᠤᠳᠤᠯᠤᠯ ᠬᠥᠮᠦᠨ ᠲᠥᠷᠥᠯᠬᠢᠲᠡᠨ᠎ᠤ ᠰᠤᠳᠤᠯᠤᠯ᠎ᠤᠨ ᠬᠦᠷᠢᠶᠡᠨ᠎ᠳᠠᠬᠢ ᠰᠢᠨ᠎ᠡ ᠵᠢ ᠡᠭᠦᠳᠬᠦ ᠴᠢᠳᠠᠪᠤᠷᠢ ᠪᠠ ᠭᠤᠤᠯᠯᠠᠬᠤ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠬᠦ ᠶᠠᠪᠤᠴᠠ᠎ᠳᠤ ᠨᠠᠩ ᠶᠡᠬᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ》 ᠭᠡᠵᠦ ᠨᠠᠷᠠᠨᠪᠢᠯᠢᠭ᠌ ᠬᠡᠯᠡᠪᠡ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠤᠶ᠎ᠠ — ᠣᠷᠳᠣᠰ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ 《1 + 1 + 4》 ᠵᠢ ᠬᠡᠷᠡᠭᠵᠢᠭᠦᠯᠪᠡ
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠨᠢ — ᠪᠦᠬᠦ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠥᠲᠦᠮᠵᠢ ᠵᠢᠨ ᠠᠬᠤᠢ ᠲᠠᠯᠠᠪᠠᠢ ᠵᠢᠨ ᠬᠤᠷᠠᠯ᠎ᠢ ᠬᠤᠷᠠᠯᠳᠤᠭᠤᠯᠪᠠ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠠᠮᠠᠷᠠᠯᠲᠠ ᠵᠢᠨ ᠬᠤᠭᠤᠴᠠᠭ᠋ᠠᠨ᠎ᠤ ᠪᠠᠶᠠᠷ ᠪᠠᠶᠠᠰᠤᠯᠲᠤ ᠭᠤᠤᠯ ᠰᠡᠳᠦᠪᠲᠦ ᠰᠢᠷᠢᠰ ᠠᠵᠢᠯᠯᠠᠭ᠎ᠠ ᠨᠢᠭᠡᠨᠲᠡ ᠡᠬᠢᠯᠡᠪᠡ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠥᠲᠦᠭᠡᠨ ᠪᠠᠢ᠌ᠭᠤᠯᠬᠤ᠎ᠨᠢ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ (ᠳᠤᠮᠳᠠᠳᠤ ᠣᠷᠣᠨ᠎ᠤ)᠎ᠤᠨ ᠰᠤᠳᠤᠯᠤᠨ ᠰᠤᠷᠤᠯᠴᠠᠬᠤ ᠠᠩᠭᠢ ᠡᠷᠬᠢᠯᠡᠪᠡ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠥᠲᠦᠭᠡᠨ ᠪᠠᠢ᠌ᠭᠤᠯᠬᠤ᠎ᠨᠢ — ᠥᠪᠥᠷ ᠮᠣᠩᠭᠣᠯ᠎ᠤᠨ ᠰᠢᠯᠢ ᠵᠢᠨ ᠭᠤᠤᠯ ᠠᠢ᠌ᠮᠠᠭ᠄ ᠲᠦᠮᠡ ᠭᠠᠷᠤᠶ ᠪᠠᠭᠰᠢ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ 《ᠴᠠᠬᠢᠯᠭ᠋ᠠᠨ ᠴᠡᠨᠡᠭᠯᠡᠪᠡ》
 
             蒙ICP备05000248号