ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠤᠶ᠎ᠠ — ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ 《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ》᠎ᠢ ᠬᠦᠯᠢᠶᠠᠨ ᠠᠪᠴᠤ ᠦᠵᠡᠵᠡᠭᠡᠪᠡ
ᠨᠡᠶ᠋ᠢᠲᠡᠯᠡᠭᠰᠡᠨ ᠴᠠᠭ᠄ 2023-07-10


      ᠡᠯ᠎ᠡ ᠰᠤᠷᠤᠯᠭ᠎ᠠ ᠵᠢᠨ ᠬᠤᠭᠤᠴᠠᠭ᠋ᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠤᠨ ᠡᠬᠢ ᠪᠠᠶᠠᠯᠢᠭ᠎ᠢ ᠦᠷᠭᠦᠯᠵᠢᠯᠡᠨ ᠪᠠᠶᠠᠯᠢᠭᠵᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠥᠪᠥᠷ ᠮᠣᠩᠭᠣᠯ᠎ᠤᠨ ᠲᠧᠯᠸᠢᠰ ᠬᠣᠷᠢᠶ᠎ᠠ᠎ᠲᠠᠢ ᠬᠠᠮᠲᠤᠷᠠᠨ 《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ》᠎ᠢ ᠬᠦᠴᠦᠯᠡᠨ ᠦᠢ᠍ᠯᠡᠳᠴᠦ᠂ 3 ᠰᠠᠷ᠎ᠠ ᠵᠢᠨ 6᠎ᠤ ᠡᠳᠦᠷ᠎ᠠᠴᠠ ᠡᠬᠢᠯᠡᠨ ᠵᠡᠷᠭᠡ᠎ᠪᠠᠷ ᠨᠡᠪᠲᠡᠷᠡᠭᠦᠯᠪᠡ᠃ ᠬᠠᠮᠲᠤ᠎ᠳᠤ᠎ᠪᠠᠨ ᠦᠵᠡᠵᠡᠭᠡᠶ᠎ᠡ!
      ᠣᠷᠳᠣᠰ ᠬᠣᠲᠠ
     3 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ ᠨᠠᠭ᠋ᠠᠰᠢ᠂ ᠣᠷᠳᠣᠰ ᠬᠣᠲᠠ ᠵᠢᠨ ᠡᠯ᠎ᠡ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠰᠤᠷᠤᠭᠴᠢᠳ᠎ᠢ ᠳᠠᠷᠤᠢ᠎ᠳᠤ᠎ᠨᠢ ᠵᠣᠬᠢᠶᠠᠨ ᠪᠠᠶ᠋ᠢᠭᠤᠯᠵᠤ 《ᠠᠨᠠᠷ᠎ᠤᠨ ᠦᠷ᠎ᠡ ᠬᠥᠮᠦᠨ ᠬᠥᠮᠥᠵᠢᠭᠦᠯᠬᠦ ᠪᠢᠴᠢᠯ ᠬᠢᠴᠢᠶᠡᠯ》᠎ᠢ ᠭᠥᠯᠢᠶᠡᠨ ᠠᠪᠴᠤ ᠦᠵᠡᠭᠰᠡᠨ ᠪᠥᠭᠡᠳ ᠸᠢᠳᠢᠤ᠋ ᠵᠢᠴᠢ ᠳᠠᠭᠤᠨ᠎ᠤ ᠡᠬᠢ ᠪᠠᠶᠠᠯᠢᠭ᠎ᠢ ᠬᠢᠴᠢᠶᠡᠯᠯᠡᠭᠡ ᠵᠢᠨ ᠪᠣᠳᠠᠲᠤ ᠠᠵᠢᠯᠯᠠᠭ᠎ᠠ᠂ ᠠᠩᠭᠢ ᠪᠦᠯᠬᠦᠮ᠎ᠤᠨ ᠠᠵᠢᠯᠯᠠᠭ᠎ᠠ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠮᠢᠳᠤᠷᠠᠯ ᠵᠡᠷᠭᠡ᠎ᠳᠤ ᠣᠷᠭ᠋ᠠᠨᠢᠭ ᠵᠶ᠋ᠠᠷ ᠠᠭᠤᠰᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠠᠶᠠᠷᠬᠠᠨ ᠨᠥᠯᠦᠭᠡᠯᠡᠵᠦ᠂ ᠳᠤᠮᠳᠠᠳᠤ ᠵᠶ᠋ᠠᠨ ᠬᠠᠢ᠌ᠷᠠᠯᠠᠬᠤ ᠦᠷ᠎ᠡ ᠵᠢ ᠬᠡᠦᠬᠡᠳ ᠪᠠᠭ᠋ᠠᠴᠤᠳ᠎ᠤᠨ ᠰᠡᠳᠬᠢᠯ᠎ᠳᠤ ᠭᠦᠨ ᠬᠠᠳᠠᠩᠰᠢᠭᠤᠯᠪᠠ᠃
      ᠡᠯ᠎ᠡ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠠᠨᠠᠷ᠎ᠤᠨ ᠦᠷ᠎ᠡ ᠰᠢᠯᠦᠭ ᠤᠶᠠᠩᠭ᠋ᠠᠯᠠᠯ᠂ ᠦᠵᠡᠭᠳᠡᠯᠲᠦ ᠵᠦᠴᠦᠭᠡ ᠵᠢᠨ ᠲᠣᠭᠯᠠᠯᠲᠠ᠂ ᠰᠣᠨᠢᠷᠬᠠᠭᠰᠠᠨ᠎ᠤ ᠳᠠᠷᠠᠭ᠋ᠠᠬᠢ ᠲᠥᠷᠥᠭᠳᠡᠯ ᠵᠶ᠋ᠠᠨ ᠬᠤᠪᠢᠶᠠᠯᠴᠠᠬᠤ ᠬᠤᠷᠠᠯ᠂ ᠭᠤᠤᠯ ᠰᠡᠳᠦᠪᠲᠦ ᠠᠩᠭᠢ ᠵᠢᠨ ᠬᠤᠷᠠᠯ ᠵᠡᠷᠭᠡ᠎ᠪᠠᠷ ᠳᠠᠮᠵᠢᠭᠤᠯᠤᠨ᠂ ᠰᠤᠷᠤᠭᠴᠢᠳ᠎ᠢ ᠬᠥᠲᠥᠯᠥᠨ ᠵᠢᠯᠣᠭᠣᠳᠴᠤ ᠡᠬᠡ ᠣᠷᠣᠨᠴᠢ ᠰᠡᠳᠬᠢᠯᠭᠡ᠂ ᠤᠯᠤᠰ ᠵᠶ᠋ᠠᠨ ᠬᠦᠴᠦᠷᠬᠡᠭᠵᠢᠭᠦᠯᠬᠦ ᠵᠣᠷᠢᠭ᠂ ᠤᠯᠤᠰ᠎ᠤᠨ ᠲᠥᠯᠥᠭᠡ ᠵᠢᠳᠬᠦᠬᠦ ᠠᠵᠢᠯᠯᠠᠭ᠎ᠠ ᠵᠢ ᠰᠤᠷᠤᠯᠴᠠᠯᠭ᠎ᠠ ᠪᠠ ᠠᠮᠢᠳᠤᠷᠠᠯ᠎ᠳᠤ᠎ᠪᠠᠨ ᠠᠶᠠᠨᠳᠠᠭ᠋ᠠᠨ ᠠᠭᠤᠰᠬᠠᠵᠤ᠂ ᠡᠷᠡᠰ ᠭᠤᠶ᠋ᠢᠪᠢᠰᠢ ᠥᠬᠡᠶ᠎ᠪᠠᠷ ᠨᠠᠮ᠎ᠤᠨ ᠦᠭᠡ ᠵᠢ ᠰᠣᠨᠣᠰᠴᠤ᠂ ᠨᠠᠮ᠎ᠤᠨ ᠠᠴᠢ ᠡᠨᠡᠷᠢᠯ᠎ᠳᠤ ᠲᠠᠯᠠᠷᠬᠠᠵᠤ᠂ ᠨᠠᠮ ᠵᠶ᠋ᠠᠨ ᠳᠠᠭ᠋ᠠᠵᠤ᠂ ᠬᠦᠰᠡᠯᠡᠩ᠎ᠲᠠᠢ᠂ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠠᠴᠠ ᠠᠶᠤᠬᠤ ᠥᠬᠡᠶ᠂ ᠵᠣᠷᠢᠭᠲᠠᠶ ᠲᠡᠮᠡᠴᠡᠬᠦ ᠰᠢᠨ᠎ᠡ ᠴᠠᠭ ᠦᠶ᠎ᠡ ᠵᠢᠨ ᠰᠠᠶ᠋ᠢᠨ ᠪᠠᠭ᠋ᠠᠴᠤᠤᠯ ᠪᠣᠯᠭ᠋ᠠᠬᠤ᠎ᠪᠠᠷ ᠵᠣᠷᠢᠭ ᠰᠢᠭᠤᠳᠪᠠ᠃







      ᠬᠢᠩᠭ᠋ᠠᠨ ᠠᠶ᠋ᠢᠮᠠᠭ
     3 ᠳ᠋ᠤᠭ᠋ᠠᠷ ᠰᠠᠷ᠎ᠠ ᠵᠢᠨ 6᠎ᠤ ᠡᠳᠦᠷ᠂ 《ᠠᠨᠠᠷ᠎ᠤᠨ ᠦᠷ᠎ᠡ ᠬᠥᠮᠦᠨ ᠬᠥᠮᠥᠵᠢᠭᠦᠯᠬᠦ ᠪᠢᠴᠢᠯ ᠬᠢᠴᠢᠶᠡᠯ》 ᠵᠢᠩᠬᠢᠨᠢ᠎ᠪᠠᠷ ᠬᠢᠴᠢᠶᠡᠯ ᠡᠬᠢᠯᠡᠵᠦ᠂ ᠬᠢᠩᠭ᠋ᠠᠨ ᠠᠶ᠋ᠢᠮᠠᠭ᠎ᠤᠨ ᠡᠯ᠎ᠡ ᠰᠤᠷᠭ᠋ᠠᠭᠤᠯᠢ ᠪᠠᠭᠰᠢ ᠰᠤᠷᠤᠭᠴᠢᠳ᠎ᠢ ᠢᠳᠡᠪᠬᠢᠲᠡᠶ ᠵᠣᠬᠢᠶᠠᠨ ᠪᠠᠶ᠋ᠢᠭᠤᠯᠵᠤ ᠰᠦᠯᠵᠢᠶᠡᠨ᠎ᠳᠤ ᠦᠵᠡᠭᠦᠯᠪᠡ᠃


                    ᠤᠯᠠᠭ᠋ᠠᠨᠬᠣᠲᠠ










                    ᠷᠠᠰᠢᠶᠠᠨ ᠬᠣᠲᠠ






                    ᠵᠠᠯᠠᠢ᠌ᠳ ᠬᠣᠰᠢᠭᠤ







                    ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ







                    ᠲᠦᠴᠢᠤᠸᠠᠨ ᠰᠢᠶᠠᠨ





                    ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ





      ᠮᠠᠨᠵᠤᠤᠷ ᠬᠣᠲᠠ
      ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠪᠣᠳᠠᠲᠠᠢ᠂ ᠲᠥᠷᠦᠭᠳᠡᠯᠲᠡᠢ᠂ ᠪᠦᠲᠦᠮᠵᠢᠲᠡᠶ ᠠᠬᠢᠭᠤᠯᠵᠤ᠂ ᠬᠡᠦᠬᠡᠳ᠎ᠢ ᠪᠠᠭ᠎ᠠ᠎ᠠᠴᠠ᠎ᠨᠢ ᠦᠨᠳᠦᠰᠦᠲᠡᠨ᠎ᠤ ᠪᠦᠯᠬᠦᠮᠳᠡᠯ᠎ᠤᠨ ᠢᠲᠡᠭᠡᠯ ᠪᠢᠰᠢᠷᠡᠯ᠎ᠲᠠᠢ᠂ ᠡᠬᠡ ᠣᠷᠣᠨᠴᠢ ᠦᠵᠡᠯ᠎ᠲᠠᠢ ᠪᠣᠯᠭ᠋ᠠᠨ ᠬᠥᠮᠦᠵᠢᠭᠦᠯᠬᠦ᠎ᠪᠠᠷ ᠬᠥᠲᠥᠯᠥᠨ ᠵᠢᠯᠣᠭᠣᠳᠬᠤ ᠵᠢᠨ ᠲᠥᠯᠥᠭᠡ᠂ ᠮᠠᠨᠵᠤᠤᠷ ᠬᠣᠲᠠ ᠵᠢᠨ ᠳ᠋ᠦᠩ ᠱᠠᠨ ᠬᠡᠦᠬᠡᠳ᠎ᠤᠨ ᠴᠡᠴᠡᠷᠯᠢᠭ᠎ᠠᠴᠠ ᠪᠥᠬᠥ ᠬᠡᠦᠬᠡᠳ᠎ᠢ ᠵᠣᠬᠢᠶᠠᠨ ᠪᠠᠶ᠋ᠢᠭᠤᠯᠵᠤ 《ᠠᠨᠠᠷ᠎ᠤᠨ ᠦᠷ᠎ᠡ ᠬᠥᠮᠦᠨ ᠬᠥᠮᠥᠵᠢᠭᠦᠯᠬᠦ ᠪᠢᠴᠢᠯ ᠬᠢᠴᠢᠶᠡᠯ》᠎ᠢ ᠰᠣᠨᠢᠷᠬᠠᠭᠤᠯᠪᠠ᠃








      ᠡᠬᠡ ᠣᠷᠣᠨᠴᠢ ᠦᠵᠡᠯ᠎ᠤᠨ ᠬᠥᠮᠦᠵᠢᠯ᠎ᠢ ᠬᠠᠷᠠᠬᠠᠨ ᠪᠠᠭ᠎ᠠ᠎ᠠᠴᠠ᠎ᠨᠢ ᠡᠬᠢᠯᠡᠨ ᠠᠳᠬᠤᠨ᠎ᠠ᠃ ᠮᠠᠨᠵᠤᠤᠷ ᠬᠤᠳᠠ ᠵᠢᠨ ᠳ᠋ᠦᠩᠱ᠌ᠠᠨ ᠬᠡᠦᠬᠡᠳ᠎ᠤᠨ ᠴᠡᠴᠡᠷᠯᠢᠭ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ 《ᠠᠨᠠᠷ᠎ᠤᠨ ᠦᠷ᠎ᠡ ᠬᠥᠮᠦᠨ ᠬᠥᠮᠥᠵᠢᠭᠦᠯᠬᠦ ᠪᠢᠴᠢᠯ ᠬᠢᠴᠢᠶᠡᠯ》 ᠵᠶ᠋ᠠᠷ ᠠᠵᠠ ᠲᠣᠬᠢᠶᠠᠯ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠵᠦ᠂ ᠪᠦᠬᠦ ᠬᠡᠦᠬᠡᠳ᠎ᠤᠨ ᠴᠡᠴᠡᠷᠯᠢᠭ᠎ᠤᠨ ᠬᠥᠮᠦᠵᠢᠯ ᠬᠦᠷᠳᠡᠬᠦ᠂ ᠬᠥᠮᠦᠨ ᠪᠦᠬᠦᠨ ᠪᠦᠯᠬᠦᠮᠳᠡᠯ᠎ᠢ ᠠᠬᠢᠭᠤᠯᠬᠤ ᠠᠵᠢᠯᠯᠠᠭ᠎ᠠ ᠵᠢᠨ ᠠᠭᠤᠷ ᠠᠮᠢᠰᠬᠤᠯ᠎ᠢ ᠦᠨᠡᠨ ᠬᠦ᠌ ᠪᠦᠷᠢᠯᠳᠦᠭᠦᠯᠵᠦ᠂ ᠪᠣᠳᠠᠲᠤ ᠠᠵᠢᠯᠯᠠᠭ᠎ᠠ᠎ᠪᠠᠷ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠦᠢ᠍ᠯᠡᠳᠦᠯᠭᠡᠵᠢᠭᠦᠯᠵᠦ᠂ ᠤᠬ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠨᠠᠮ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠵᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠦᠨ᠎ᠡ᠃







ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠨᠢ — ᠬᠢᠩᠭ᠋ᠠᠨ ᠠᠶ᠋ᠢᠮᠠᠭ᠄ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶ᠋ᠢᠲᠤᠷ ᠰᠤᠷᠴᠤ ᠬᠡᠷᠡᠭᠯᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠪᠠ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠤᠶ᠎ᠠ — ᠨᠠᠷᠠᠨᠪᠢᠯᠢᠭ᠌᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠤᠷᠭ᠋ᠠᠭᠤᠯᠢ ᠵᠢᠨ ᠬᠦᠷᠢᠶᠡᠨ᠎ᠳᠤ ᠦᠨᠳᠦᠰᠦᠯᠡᠭᠦᠯᠦᠶ᠎ᠡ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠤᠶ᠎ᠠ — ᠣᠷᠳᠣᠰ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ 《1 + 1 + 4》 ᠵᠢ ᠬᠡᠷᠡᠭᠵᠢᠭᠦᠯᠪᠡ
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠨᠢ — ᠪᠦᠬᠦ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠥᠲᠦᠮᠵᠢ ᠵᠢᠨ ᠠᠬᠤᠢ ᠲᠠᠯᠠᠪᠠᠢ ᠵᠢᠨ ᠬᠤᠷᠠᠯ᠎ᠢ ᠬᠤᠷᠠᠯᠳᠤᠭᠤᠯᠪᠠ
《ᠬᠣᠶᠠᠷ᠎ᠢ ᠬᠥᠩᠭᠡᠷᠡᠭᠦᠯᠬᠦ》 ᠠᠵᠢᠯᠯᠠᠭ᠎ᠠ — ᠠᠮᠠᠷᠠᠯᠲᠠ ᠵᠢᠨ ᠬᠤᠭᠤᠴᠠᠭ᠋ᠠᠨ᠎ᠤ ᠪᠠᠶᠠᠷ ᠪᠠᠶᠠᠰᠤᠯᠲᠤ ᠭᠤᠤᠯ ᠰᠡᠳᠦᠪᠲᠦ ᠰᠢᠷᠢᠰ ᠠᠵᠢᠯᠯᠠᠭ᠎ᠠ ᠨᠢᠭᠡᠨᠲᠡ ᠡᠬᠢᠯᠡᠪᠡ
 
             蒙ICP备05000248号