ᠣᠶ᠋ᠢᠷ᠎ᠠ ᠵᠢᠨ ᠵᠢᠯ᠂ ᠬᠢᠩᠭ᠋ᠠᠨ ᠠᠶ᠋ᠢᠮᠠᠭ ᠨᠡᠶ᠋ᠢᠲᠡᠯᠢᠭ ᠬᠡᠯᠡ ᠵᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ᠎ᠢ ᠲᠠᠰᠤᠷᠠᠯᠲᠠ ᠥᠬᠡᠶ ᠴᠢᠩᠭ᠋ᠠᠷᠠᠭᠤᠯᠵᠤ᠂ ᠡᠯ᠎ᠡ ᠲᠥᠷᠥᠯ᠎ᠤᠨ ᠬᠥᠮᠦᠰ᠎ᠲᠤ ᠨᠡᠶ᠋ᠢᠲᠡᠯᠢᠭ ᠬᠡᠯᠡ ᠵᠢ ᠤᠬᠠᠭᠤᠯᠤᠨ ᠪᠣᠯᠪᠠᠰᠤᠷᠠᠭᠤᠯᠬᠤ ᠠᠵᠢᠯ᠎ᠢ ᠢᠳᠡᠪᠬᠢᠲᠡᠶ ᠥᠷᠨᠢᠭᠦᠯᠦᠨ᠂ ᠨᠡᠶ᠋ᠢᠲᠡᠯᠢᠭ ᠬᠡᠯᠡᠨ᠎ᠤ ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠵᠦ᠂ ᠠᠷᠠᠳ ᠣᠯᠠᠨ᠎ᠤ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠤᠬᠠᠮᠰᠠᠷ᠎ᠢ ᠴᠢᠩᠭ᠋ᠠᠳᠬᠠᠨ᠂ ᠨᠡᠶ᠋ᠢᠭᠡᠮ ᠨᠡᠶ᠋ᠢᠲᠡ ᠵᠢᠨ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠶᠠᠮᠤᠨ᠎ᠠᠴᠠ 《ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠲᠡᠷᠢᠭᠦᠨ᠎ᠤ ᠬᠠᠮᠲᠤ》 ᠭᠡᠬᠦ ᠴᠣᠯᠠ ᠣᠯᠭᠣᠪᠠ᠃


ᠨᠡᠢ᠌ᠲᠡᠯᠢᠭ ᠬᠡᠯᠡ ᠵᠢ ᠲᠥᠭᠡᠮᠡᠯᠵᠢᠭᠦᠯᠦᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠎ᠤᠨ ᠠᠵᠢᠯ᠎ᠢ ᠠᠮᠵᠢᠯᠲᠠ᠎ᠲᠠᠢ ᠪᠡᠶᠡᠯᠡᠭᠦᠯᠪᠡ᠃ 2018 - 2020 ᠣᠨ ᠪᠣᠯᠲᠠᠯ᠎ᠠ᠂ ᠬᠢᠩᠭ᠋ᠠᠨ ᠠᠶ᠋ᠢᠮᠠᠭ᠎ᠤᠨ ᠦᠭᠡ ᠬᠡᠯᠡ ᠥᠰᠥᠭ ᠪᠢᠴᠢᠭ᠎ᠤᠨ ᠬᠡᠷᠡᠭᠯᠡᠯᠲᠡ ᠪᠣᠯᠤᠨ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠲᠥᠪ᠎ᠠᠴᠠ ᠬᠢᠩᠭ᠋ᠠᠨ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠦᠭᠡ ᠬᠡᠯᠡ ᠥᠰᠥᠭ ᠪᠢᠴᠢᠭ᠎ᠤᠨ ᠵᠥᠪᠯᠡᠯ᠎ᠤᠨ ᠠᠯᠪᠠᠨ ᠬᠡᠷ᠎ᠤᠨ 《ᠬᠢᠩᠭ᠋ᠠᠨ ᠠᠶ᠋ᠢᠮᠠᠭ᠎ᠤᠨ ᠨᠡᠢ᠌ᠲᠡᠯᠢᠭ ᠬᠡᠯᠡ ᠵᠢ ᠲᠥᠭᠡᠮᠡᠯᠵᠢᠭᠦᠯᠦᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ 〈ᠭᠤᠤᠯᠳᠠᠯᠭ᠎ᠠ᠎ᠲᠠᠢ ᠬᠥᠮᠦᠰ〉᠎ᠤᠨ 2018-2020 ᠣᠨ᠎ᠤ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠎ᠤᠨ ᠲᠥᠯᠥᠪᠯᠡᠭᠡ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠢᠳᠡᠪᠬᠢᠲᠡᠶ ᠳᠣᠭᠢᠷᠠᠭᠤᠯᠤᠨ ᠪᠠᠶ᠋ᠢᠷᠢᠯᠠᠭᠤᠯᠵᠤ᠂ 《ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠦᠷᠭᠡᠵᠦ᠂ ᠨᠡᠢ᠌ᠲᠡᠯᠢᠭ ᠬᠡᠯᠡᠨ᠎ᠤ ᠰᠣᠷᠢᠯᠲᠠ ᠵᠢ ᠭᠦᠷᠭᠡᠬᠦ᠎ᠪᠠᠷ ᠬᠥᠳᠡᠭᠡ ᠪᠠᠭᠤᠬᠤ》 ᠠᠷᠭ᠎ᠠ ᠬᠡᠯᠪᠡᠷᠢ ᠵᠢ ᠠᠪᠴᠤ᠂ ᠪᠥᠬᠥ ᠠᠶ᠋ᠢᠮᠠᠭ᠎ᠤᠨ 6 ᠬᠣᠰᠢᠭᠤ ᠰᠢᠶᠠᠨ ᠬᠣᠲᠠ᠎ᠳᠤ ᠭᠦᠨᠵᠡᠭᠡᠶ᠋ᠢᠷᠡᠨ᠂ ᠪᠠᠭᠰᠢ᠂ ᠵᠠᠯᠠᠭᠤ ᠢᠳᠡᠷ ᠮᠠᠯᠴᠢᠨ ᠲᠠᠷᠢᠶᠠᠴᠢᠨ ᠪᠣᠯᠤᠨ ᠠᠯᠪᠠᠲᠠᠨ᠎ᠳᠤ ᠴᠢᠭᠯᠡᠭᠦᠯᠦᠨ ᠣᠯᠠᠨ ᠤᠳᠠᠭ᠋ᠠᠨ᠎ᠤ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠎ᠢ ᠥᠷᠨᠢᠭᠦᠯᠵᠦ᠂ ᠪᠠᠭᠰᠢ 573᠂ ᠵᠠᠯᠠᠭᠤ ᠢᠳᠡᠷ ᠮᠠᠯᠴᠢᠨ ᠲᠠᠷᠢᠶᠠᠴᠢᠨ 874᠂ ᠠᠯᠪᠠᠲᠠᠨ 3023 ᠵᠢ ᠪᠣᠯᠪᠠᠰᠤᠷᠠᠭᠤᠯᠪᠠ᠃
ᠡᠪᠦᠯ ᠵᠤᠨ᠎ᠤ ᠠᠮᠠᠷᠠᠯᠲᠠ ᠵᠢ ᠠᠰᠢᠭᠯᠠᠨ ᠪᠦᠬᠦ ᠠᠶ᠋ᠢᠮᠠᠭ᠎ᠤᠨ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠤ ᠪᠣᠯᠪᠠᠰᠤᠷᠠᠭᠤᠯᠤᠯ᠎ᠤᠨ ᠰᠣᠷᠢᠯᠲᠠ ᠵᠢ ᠥᠷᠨᠢᠭᠦᠯᠪᠡ᠃ ᠡᠪᠦᠯ ᠵᠤᠨ᠎ᠤ ᠠᠮᠠᠷᠠᠯᠲᠠ᠎ᠳᠤ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠎ᠤᠨ ᠠᠩᠭᠢ ᠡᠷᠬᠢᠯᠡᠬᠦ ᠪᠣᠯ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠲᠥᠪ᠎ᠤᠨ ᠪᠠᠶ᠋ᠢᠩᠭᠤ ᠵᠢᠨ ᠠᠵᠢᠯ ᠪᠣᠯᠤᠨ᠎ᠠ᠂ ᠪᠠᠭᠰᠢ᠂ ᠨᠡᠶ᠋ᠢᠭᠡᠮ᠎ᠤᠨ ᠵᠠᠯᠠᠭᠤᠴᠤᠳ ᠪᠠ ᠦᠨᠳᠦᠰᠦᠨ ᠱᠠᠲᠤᠨ᠎ᠤ ᠺᠠᠳ᠋ᠷ᠎ᠢ ᠪᠠᠭᠲᠠᠭ᠋ᠠᠭᠰᠠᠨ ᠨᠡᠶ᠋ᠢᠭᠡᠮ᠎ᠤᠨ ᠬᠥᠮᠦᠰ᠎ᠲᠤ ᠴᠢᠭᠯᠡᠭᠦᠯᠦᠨ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠎ᠢ ᠬᠦᠷᠲᠡᠭᠡᠵᠦ᠂ ᠲᠡᠳᠡᠨ᠎ᠤ ᠨᠡᠶ᠋ᠢᠲᠡᠯᠢᠭ ᠬᠡᠯᠡ ᠵᠢ ᠳᠦᠷᠢᠮᠵᠢᠭᠦᠯᠦᠨ ᠬᠡᠷᠡᠭᠯᠡᠬᠦ ᠤᠬᠠᠮᠰᠠᠷ᠎ᠢ ᠴᠢᠩᠭ᠋ᠠᠳᠬᠠᠨ᠂ ᠲᠡᠳᠡᠨ᠎ᠤ ᠨᠡᠶ᠋ᠢᠲᠡᠯᠢᠭ ᠬᠡᠯᠡ᠎ᠪᠠᠷ ᠨᠡᠪᠲᠡᠷᠡᠨ ᠰᠣᠯᠢᠯᠴᠠᠬᠤ ᠴᠢᠳᠠᠪᠤᠷᠢ ᠵᠢ ᠳᠡᠭᠡᠭᠰᠢᠯᠡᠭᠦᠯᠵᠦ᠂ ᠲᠡᠳᠡᠨ᠎ᠤ ᠨᠡᠩ ᠰᠠᠢ᠍ᠢ᠍ᠨ ᠠᠵᠢᠯ ᠣᠯᠵᠤ᠂ ᠠᠵᠢᠯ᠎ᠤᠨ ᠪᠠᠶ᠋ᠢᠷᠢ᠎ᠳᠤ᠎ᠪᠠᠨ ᠰᠠᠭᠤᠷᠢᠯᠠᠬᠤ᠎ᠳᠤ ᠬᠦᠴᠦᠨ ᠨᠡᠮᠡᠷᠢᠯᠡᠪᠡ᠃ 2021 ᠣᠨ᠎ᠠᠴᠠ ᠣᠲᠣ ᠪᠣᠯᠲᠠᠯ᠎ᠠ 2324 ᠬᠥᠮᠦᠨ᠎ᠢ ᠰᠣᠷᠢᠯᠲᠠ᠎ᠳᠤ ᠣᠷᠣᠯᠴᠠᠵᠤ᠂ ᠡᠭᠦᠨ᠎ᠳᠤ ᠵᠠᠯᠠᠭᠤ ᠢᠳᠡᠷ ᠬᠥᠳᠡᠯᠮᠦᠷᠢ ᠬᠦᠴᠦ 257 ᠬᠥᠮᠦᠨ᠂ ᠦᠨᠳᠦᠰᠦᠨ ᠱᠠᠲᠤᠨ᠎ᠤ ᠺᠠᠳ᠋ᠷ 327 ᠬᠥᠮᠦᠨ ᠪᠣᠶ᠃
ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ᠃ ᠪᠦᠬᠦ ᠤᠯᠤᠰ᠎ᠤᠨ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠬᠦ᠎ᠪᠠᠷ ᠲᠣᠬᠢᠶᠠᠯ ᠪᠣᠯᠭ᠋ᠠᠨ᠂ ᠤᠬᠠᠭᠤᠯᠭ᠎ᠠ ᠵᠢᠨ ᠠᠵᠢᠯᠯᠠᠭ᠎ᠠ ᠵᠢ ᠪᠠᠢ᠌ᠩᠭᠤᠵᠢᠭᠤᠯᠪᠠ᠃ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠎ᠤᠨ ᠪᠦᠷᠢᠯᠳᠦᠬᠦᠨ ᠨᠢᠭᠡᠴᠢ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠨᠠᠮ ᠵᠠᠰᠠᠭ᠎ᠤᠨ ᠪᠠᠢ᠌ᠭᠤᠯᠭ᠎ᠠ ᠵᠢᠨ ᠳᠠᠭ᠋ᠠᠭᠤᠯᠬᠤ ᠦᠢ᠍ᠯᠡᠳᠦᠯ᠂ ᠰᠤᠷᠭ᠋ᠠᠭᠤᠯᠢ ᠵᠢᠨ ᠰᠠᠭᠤᠷᠢ ᠦᠢ᠍ᠯᠡᠳᠦᠯ᠂ ᠰᠣᠨᠢᠨ ᠮᠡᠳᠡᠭᠡ ᠬᠡᠪᠯᠡᠯ᠂ ᠷᠠᠳᠢᠤ᠋ ᠨᠡᠪᠲᠡᠷᠡᠭᠦᠯᠭᠡ ᠺᠢᠨᠣ᠋ ᠲᠧᠯᠸᠢᠰ᠂ ᠰᠦᠯᠵᠢᠶᠡᠨ᠎ᠤ ᠮᠡᠳᠡᠭᠡ ᠵᠠᠩᠭᠢ ᠵᠢᠨ ᠳᠠᠭᠤᠷᠢᠶᠠᠯ ᠦᠵᠡᠭᠦᠯᠬᠦ ᠦᠢ᠍ᠯᠡᠳᠦᠯ ᠪᠣᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠴᠤᠩᠬᠤᠪᠴᠢ ᠵᠢᠨ ᠦᠢ᠍ᠯᠡᠳᠦᠯ᠎ᠢ ᠪᠠᠳᠠᠷᠠᠭᠤᠯᠪᠠ᠃ ᠤᠬᠠᠭᠤᠯᠭ᠎ᠠ ᠵᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠵᠢᠨ ᠵᠠᠷᠯᠠᠯ ᠨᠠᠭ᠋ᠠᠬᠤ᠂ ᠷᠠᠳᠢᠣ᠋ ᠲᠧᠯᠸᠢᠰ ᠵᠶ᠋ᠠᠷ ᠦᠭᠡ ᠬᠡᠯᠡ ᠦᠰᠦᠭ ᠪᠢᠴᠢᠭ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠨᠡᠪᠲᠡᠷᠡᠭᠦᠯᠬᠦ᠂ ᠰᠦᠯᠵᠢᠶ᠎ᠡ ᠪᠠ ᠸᠢᠴᠠᠲ ᠵᠶ᠋ᠠᠷ ᠦᠭᠡ ᠬᠡᠯᠡ ᠦᠰᠦᠭ ᠪᠢᠴᠢᠭ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠤᠬᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠦᠭᠡ ᠬᠡᠯᠡ ᠦᠰᠦᠭ ᠪᠢᠴᠢᠭ᠎ᠤᠨ ᠤᠬᠠᠭᠤᠯᠭ᠎ᠠ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠬᠥᠮᠦᠰ᠎ᠤᠨ ᠨᠡᠶ᠋ᠢᠲᠡᠯᠢᠭ ᠬᠡᠯᠡ᠎ᠪᠠᠷ ᠶᠠᠷᠢᠬᠤ ᠤᠬᠠᠮᠰᠠᠷ᠎ᠢ ᠨᠡᠮᠡᠭᠳᠡᠭᠦᠯᠪᠡ; ᠦᠭᠡ ᠬᠡᠯᠡ ᠦᠰᠦᠭ ᠪᠢᠴᠢᠭ᠎ᠤᠨ ᠮᠡᠳᠡᠯᠭᠡ ᠵᠢᠨ ᠤᠷᠤᠯᠳᠤᠭ᠋ᠠᠨ᠂ ᠰᠦᠯᠵᠢᠶᠡᠨ᠎ᠳᠤ ᠰᠡᠳᠦᠪ ᠬᠠᠷᠢᠭᠤᠯᠬᠤ᠂ ᠳᠤᠮᠳᠠᠳᠤ ᠵᠢᠨ ᠰᠣᠩᠭᠣᠳᠠᠭ ᠵᠣᠬᠢᠶᠠᠯ᠎ᠢ ᠤᠩᠰᠢᠬᠤ ᠤᠷᠤᠯᠳᠤᠭ᠋ᠠᠨ᠂ ᠬᠢᠲᠠᠳ ᠤᠷᠠᠨ ᠪᠢᠴᠢᠯᠭᠡ ᠵᠢᠨ ᠦᠵᠡᠭᠦᠯᠭᠡ ᠵᠢ ᠵᠢᠷᠤᠮᠵᠢᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠨᠡᠶ᠋ᠢᠭᠡᠮ ᠨᠡᠶ᠋ᠢᠲᠡ ᠵᠢᠨ᠎ᠬᠢᠨ ᠣᠷᠣᠯᠴᠠᠬᠤ ᠵᠢ ᠢᠳᠡᠪᠬᠢᠲᠡᠢ ᠳᠠᠢ᠌ᠴᠢᠯᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠬᠥᠮᠦᠰ᠎ᠤᠨ ᠨᠡᠶ᠋ᠢᠲᠡᠯᠢᠭ ᠬᠡᠯᠡ᠎ᠪᠠᠷ ᠶᠠᠷᠢᠬᠤ ᠴᠢᠳᠠᠪᠤᠷᠢ ᠵᠢ ᠳᠡᠭᠡᠭᠰᠢᠡᠯᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠪᠠ᠃ 《ᠭᠠᠷ ᠬᠣᠯᠪᠣᠬᠤ》 ᠦᠢ᠍ᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠨᠡᠶ᠋ᠢᠲᠡᠯᠢᠭ ᠬᠡᠯᠡᠨ᠎ᠤ ᠲᠤᠬᠠᠢ ᠲᠠᠨᠢᠯᠲᠠ ᠪᠠ ᠠᠵᠢᠯᠯᠠᠭ᠎ᠠ ᠵᠢ ᠭᠡᠷ ᠪᠦᠯᠢ ᠨᠢᠭᠡ ᠪᠦᠷᠢ᠎ᠳᠤ ᠲᠥᠭᠡᠮᠡᠯᠵᠢᠭᠦᠯᠪᠡ᠃



ᠬᠢᠩᠭ᠋ᠠᠨ ᠠᠶ᠋ᠢᠮᠠᠭ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠬᠠᠨᠳᠤᠭᠤᠯᠤᠨ᠂ ᠪᠣᠳᠠᠲᠠᠢ᠂ ᠲᠥᠷᠦᠭᠳᠡᠯᠲᠡᠢ᠂ ᠪᠦᠲᠦᠮᠵᠢᠲᠡᠢ ᠪᠠᠶ᠋ᠢᠬᠤ ᠳᠡᠭᠡᠷ᠎ᠡ ᠬᠦᠴᠦ᠎ᠪᠠᠨ ᠲᠠᠯᠪᠢᠵᠤ᠂ ᠨᠠᠷᠢᠨ ᠨᠢᠮᠪᠠᠢ ᠨᠠᠢ᠌ᠳᠠᠪᠤᠷᠢᠵᠢᠭᠤᠯᠤᠨ᠂ ᠵᠢᠵᠢᠭ ᠰᠠᠵᠢᠭ ᠵᠦᠢ᠍ᠯ᠎ᠲᠤ ᠨᠠᠢ᠌ᠳᠠᠪᠤᠷᠢᠵᠢᠭᠤᠯᠵᠤ᠂ ᠪᠣᠳᠠᠲᠠᠢ ᠨᠠᠢ᠌ᠳᠠᠪᠤᠷᠢᠵᠢᠭᠤᠯᠤᠨ ᠦᠨᠡᠨ ᠪᠣᠳᠠᠲᠠᠢ ᠠᠵᠢᠯᠯᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠥᠭᠡᠮᠡᠯᠵᠢᠭᠦᠯᠦᠭᠰᠡᠨ ᠬᠡᠮᠵᠢᠶ᠎ᠡ ᠪᠠ ᠲᠥᠭᠡᠮᠡᠯᠵᠢᠭᠦᠯᠦᠭᠰᠡᠨ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃