ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠥᠲᠦᠭᠡᠨ ᠪᠠᠢ᠌ᠭᠤᠯᠬᠤ᠎ᠨᠢ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠭᠤᠯᠤᠯ᠎ᠤᠨ ᠰᠠᠭᠤᠷᠢᠨ (ᠵᠡᠭᠦᠨ ᠣᠷᠣᠨ)᠎ᠤ ᠰᠤᠳᠤᠯᠤᠨ ᠰᠤᠷᠤᠯᠴᠠᠬᠤ ᠠᠩᠭᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2023-08-15


      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 8 ᠰᠠᠷ᠎ᠠ ᠵᠢᠨ 6 - 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠭᠤᠯᠤᠯ᠎ᠤᠨ ᠰᠠᠭᠤᠷᠢᠨ᠎ᠠᠴᠠ ᠳᠠᠭ᠋ᠠᠭ᠋ᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ (ᠵᠡᠭᠦᠨ ᠣᠷᠣᠨ)᠎ᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠭᠤᠤᠯᠯᠠᠭᠴᠢ ᠪᠠᠭᠰᠢ ᠵᠢᠨ ᠰᠤᠳᠤᠯᠤᠨ ᠰᠤᠷᠤᠯᠴᠠᠬᠤ ᠠᠩᠭᠢ ᠵᠢ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠡᠷᠬᠢᠯᠡᠪᠡ᠃ ᠬᠥᠯᠥᠨ ᠪᠤᠢ᠍ᠢ᠍ᠷ ᠬᠤᠳᠠ᠂ ᠬᠢᠩᠭ᠋ᠠᠨ ᠠᠶ᠋ᠢᠮᠠᠭ᠂ ᠲᠦᠩᠯᠢᠶᠣᠤ ᠬᠤᠳᠠ᠂ ᠤᠯᠠᠭ᠋ᠠᠨᠬᠠᠳᠠ ᠬᠤᠳᠠ ᠵᠡᠷᠭᠡ ᠭᠠᠵᠠᠷ᠎ᠤᠨ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ᠎ᠤᠨ 200 ᠰᠢᠬᠠᠮ ᠭᠣᠣᠯᠯᠠᠭᠴᠢ ᠪᠠᠭᠰᠢ ᠡᠨᠡ ᠤᠳᠠᠭ᠋ᠠᠨ᠎ᠤ ᠰᠤᠳᠤᠯᠤᠨ ᠰᠤᠷᠤᠯᠴᠠᠬᠤ ᠠᠵᠢᠯᠯᠠᠭ᠎ᠠ᠎ᠳᠤ ᠣᠷᠣᠯᠴᠠᠪᠠ᠃




      ᠰᠤᠳᠤᠯᠤᠨ ᠰᠤᠷᠤᠯᠴᠠᠬᠤ ᠬᠤᠭᠤᠴᠠᠭ᠋ᠠᠨ᠎ᠳᠤ᠂ ᠳᠤᠮᠳᠠᠳᠤ ᠣᠷᠣᠨ᠎ᠤ ᠪᠠᠭᠰᠢ ᠵᠢᠨ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳ᠋ᠣᠺᠲ᠋ᠣᠷᠠᠨᠲ᠎ᠤᠨ ᠵᠢᠯᠣᠭᠣᠳᠣᠭᠴᠢ ᠪᠠᠭᠰᠢ᠂ ᠫᠷᠣᠹᠧᠰᠰᠤᠷ ᠬᠤ᠌ ᠲᠢᠶᠠᠨ ᠭᠧᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ᠂ ᠳ᠋ᠣᠺᠲ᠋ᠣᠷᠠᠨᠲ᠎ᠤᠨ ᠵᠢᠯᠣᠭᠣᠳᠣᠭᠴᠢ ᠪᠠᠭᠰᠢ᠂ ᠫᠷᠣᠹᠧᠰᠰᠤᠷ ᠹᠦ᠋ ᠰᠥᠸᠧ ᠭᠧᠨ᠂ ᠲᠦᠩᠯᠢᠶᠣᠤ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠯᠤᠰ ᠲᠥᠷᠥ ᠵᠢᠨ ᠪᠠᠭᠰᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠰᠣᠳᠤᠯᠤᠨ ᠰᠤᠷᠤᠭᠴᠢ ᠵᠢᠨ ᠠᠵᠢᠯ ᠲᠥᠷᠥᠯ᠎ᠤᠨ ᠵᠢᠯᠣᠭᠣᠳᠣᠭᠴᠢ ᠪᠠᠭᠰᠢ ᠸᠠᠩ ᠵᠢᠩ ᠲᠣᠰ ᠲᠣᠰ ᠲᠤᠰᠬᠠᠶ ᠰᠡᠳᠦᠪᠲᠦ ᠲᠠᠶ᠋ᠢᠯᠤᠮᠵᠢ ᠬᠢᠪᠠ᠃ ᠪᠥᠬᠥ ᠤᠯᠤᠰ᠎ᠤᠨ 《ᠡᠶ᠎ᠡ ᠵᠣᠬᠢᠴᠠᠯ ᠬᠤᠨᠳᠠᠭ᠋ᠠᠲᠤ》 ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ ᠬᠦᠷᠲᠡᠭᠴᠢ ᠵᠧᠤ ᠶᠢᠩ ᠨᠠᠨ᠂ ᠥᠪᠡᠷᠲᠡᠭᠡᠨ ᠵᠠᠰᠠᠬᠤ ᠣᠷᠣᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠨᠳᠦᠰᠦᠨ ᠴᠢᠳᠠᠪᠤᠷᠢ ᠵᠢᠨ ᠬᠣᠶᠠᠳᠤᠭ᠋ᠠᠷ ᠳᠡᠰ᠎ᠤᠨ ᠱᠠᠩᠨᠠᠯ ᠬᠦᠷᠲᠡᠭᠴᠢ ᠠᠨ ᠢ ᠮᠢᠩ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠨᠳᠦᠰᠦᠨ ᠴᠢᠳᠠᠪᠤᠷᠢ ᠵᠢᠨ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠎ᠤᠨ ᠣᠨᠴᠠ ᠲᠠᠰ᠎ᠤᠨ ᠱᠠᠩᠨᠠᠯ ᠬᠦᠷᠲᠡᠭᠴᠢ ᠢᠦᠶ ᠬᠤᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠲᠥᠯᠦᠪᠯᠡᠭᠡᠨ᠎ᠤ ᠬᠢᠴᠢᠶᠡᠯ᠎ᠤᠨ ᠦᠵᠡᠭᠦᠯᠭᠡ ᠬᠢᠪᠠ᠃



                  ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ
                ᠵᠢᠨ ᠲᠥᠯᠥᠪᠯᠡᠭᠡᠨ᠎ᠤ ᠬᠢᠴᠢᠶᠡᠯ᠎ᠤᠨ ᠦᠵᠡᠭᠦᠯᠭᠡ ᠵᠢᠨ ᠠᠬᠤᠶ ᠲᠠᠯᠠᠪᠠᠢ


      ᠡᠭᠦᠨ᠎ᠠᠴᠠ ᠭᠠᠳᠠᠨ᠎ᠠ᠂ ᠰᠤᠷᠤᠭᠴᠢᠳ ᠪᠠᠰᠠ ᠲᠤᠰᠬᠠᠶ᠋ᠢᠯᠠᠨ ᠲᠦᠩᠯᠢᠶᠣᠤ ᠬᠣᠲᠠ ᠵᠢᠨ ᠺᠠᠶ᠋ᠢᠯᠦ ᠰᠢᠶᠠᠨ᠎ᠤ ᠦᠷᠡᠭᠳᠡᠭᠰᠡᠨ ᠪᠠᠭ᠋ᠠᠲᠤᠷ ᠮᠠᠶ ᠰᠢᠨ᠎ᠤ ᠳᠤᠷᠠᠰᠬᠠᠯ᠎ᠤᠨ ᠣᠷᠳᠣᠨ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠠ ᠮᠢᠨ ᠮᠠᠩᠬ᠎ᠠ ᠵᠢᠨ ᠪᠠᠭᠤᠷᠢ᠂ ᠰᠢᠶᠤᠤ ᠵᠤᠸᠠᠩ ᠶᠤᠸᠠᠨ ᠰᠣᠶᠣᠯ᠎ᠤᠨ ᠬᠦᠷᠢᠶᠡᠯᠡᠩ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠲᠡᠦᠬᠡ ᠵᠢᠨ ᠣᠷᠳᠣᠨ᠂ ᠮᠣᠩᠭᠣᠯ ᠡᠮ ᠡᠮᠨᠡᠯᠭᠡ ᠵᠢᠨ ᠣᠷᠳᠣᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠵᠡᠭᠦᠯᠭᠡ ᠵᠢᠨ ᠣᠷᠳᠣᠨ ᠵᠡᠷᠭᠡ ᠭᠠᠵᠠᠷ᠎ᠲᠤ ᠬᠦᠷᠴᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠥᠷᠨᠢᠭᠦᠯᠦᠭᠰᠡᠨ ᠪᠥᠭᠡᠳ ᠵᠢᠭ᠋ᠠᠨ ᠰᠤᠷᠭ᠋ᠠᠯᠲᠠ ᠵᠢ ᠲᠤᠰᠬᠠᠶ ᠰᠡᠳᠦᠪ ᠵᠶ᠋ᠡᠷ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃



      ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ 10 ᠰᠣᠷᠣᠭᠴᠢ ᠰᠢᠯᠢᠳᠡᠭ ᠰᠣᠷᠣᠭᠴᠢ ᠵᠢᠨ ᠢᠷᠠᠭᠤ ᠠᠯᠳᠠᠷ᠎ᠤᠨ ᠴᠣᠯᠠ ᠭᠥᠷᠳᠡᠵᠦ᠂ ᠳᠥᠷᠪᠡᠨ ᠠᠶ᠋ᠢᠮᠠᠭ ᠬᠣᠲᠠ ᠵᠢᠨ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ 5 ᠰᠢᠯᠢᠳᠡᠭ ᠰᠣᠷᠣᠭᠴᠢ ᠳᠠᠭᠤᠷᠢᠶᠠᠯ ᠦᠵᠡᠭᠦᠯᠬᠦ ᠵᠢᠭ᠋ᠠᠨ ᠰᠤᠷᠭ᠋ᠠᠯᠲᠠ ᠵᠢᠨ ᠦᠵᠡᠭᠦᠯᠭᠡ ᠬᠢᠵᠡᠶ᠃



      ᠡᠨᠡ ᠤᠳᠠᠭ᠋ᠠᠨ᠎ᠤ ᠰᠤᠳᠤᠯᠤᠨ ᠰᠤᠷᠤᠯᠴᠠᠬᠤ ᠠᠵᠢᠯᠯᠠᠭ᠎ᠠ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ (ᠵᠡᠭᠦᠨ ᠣᠷᠣᠨ)᠎ᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠹᠷᠣᠨᠲ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ᠎ᠳᠤ ᠥᠪᠡᠷ᠎ᠢ᠎ᠪᠠᠨ ᠳᠡᠭᠡᠭᠰᠢᠯᠡᠭᠦᠯᠬᠦ᠂ ᠰᠣᠯᠢᠯᠴᠠᠵᠤ ᠰᠤᠳᠤᠯᠤᠨ ᠶᠠᠷᠢᠯᠴᠠᠬᠤ᠂ ᠬᠠᠮᠲᠤ᠎ᠳᠤ᠎ᠪᠠᠨ ᠦᠰᠦᠨ ᠪᠣᠶ᠋ᠢᠵᠢᠬᠤ ᠲᠠᠪᠴᠠᠩ ᠬᠠᠩᠭ᠋ᠠᠵᠤ᠂ ᠰᠤᠳᠤᠯᠤᠨ ᠰᠤᠷᠤᠯᠴᠠᠬᠤ ᠠᠭᠤᠯᠭ᠎ᠠ ᠡᠯᠪᠡᠭ ᠪᠠᠶᠠᠯᠢᠭ ᠪᠥᠭᠡᠳ ᠪᠥᠬᠥ ᠲᠠᠯ᠎ᠠ ᠵᠢᠨ ᠪᠠᠶ᠋ᠢᠵᠤ᠂ ᠬᠡᠷᠡᠭ᠎ᠤᠨ ᠵᠢᠱ᠌ᠢᠶ᠎ᠡ ᠠᠮᠢᠳᠤ ᠴᠣᠪᠣᠭᠣᠯᠢᠭ ᠪᠣᠢ᠃ ᠰᠤᠷᠤᠯᠭ᠋ᠠᠲᠠᠳ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠵᠠᠩᠭᠢᠯᠠᠭ᠎ᠠ ᠵᠢᠨ ᠬᠢᠴᠢᠶᠡᠯ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ 《ᠦᠵᠡᠯ ᠰᠠᠨᠠᠭ᠎ᠠ ᠤᠯᠤᠰ ᠲᠥᠷᠥ ᠲᠣᠮᠤ ᠬᠢᠴᠢᠶᠡᠯ》᠎ᠤᠨ ᠬᠠᠷᠠᠭ᠋ᠠᠰᠤ᠎ᠪᠠᠷ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ 《ᠨᠢᠭᠡ ᠴᠣᠭᠴᠠᠵᠢᠭᠤᠯᠬᠤ》 ᠪᠠᠶ᠋ᠢᠭᠤᠯᠤᠯᠲᠠ ᠵᠢ ᠠᠬᠢᠭᠤᠯᠵᠤ᠂ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠶᠠᠪᠤᠴᠠ᠎ᠳᠤ ᠲᠠᠰᠤᠷᠠᠯᠲᠠ ᠥᠬᠡᠶ ᠰᠤᠷᠤᠯᠴᠠᠵᠤ᠂ ᠲᠠᠰᠤᠷᠠᠯᠲᠠ ᠥᠬᠡᠶ ᠡᠷᠭᠢᠴᠡᠭᠦᠯᠦᠨ ᠪᠤᠳᠤᠵᠤ᠂ ᠲᠠᠰᠤᠷᠠᠯᠲᠠ ᠥᠬᠡᠶ ᠰᠤᠳᠤᠯᠵᠤ᠂ ᠳᠣᠲᠣᠭ᠋ᠠᠳᠤ ᠠᠭᠤᠯᠬᠤᠨ ᠵᠶ᠋ᠠᠨ ᠪᠡᠬᠢᠵᠢᠭᠦᠯᠵᠦ᠂ ᠵᠢᠭ᠋ᠠᠨ ᠰᠤᠷᠭ᠋ᠠᠯᠲᠠ ᠪᠠ ᠶᠣᠰᠣ ᠰᠤᠷᠲᠠᠬᠤᠨ᠎ᠤ ᠬᠥᠮᠦᠵᠢᠯ᠎ᠢ ᠵᠡᠷᠭᠡ᠎ᠪᠠᠷ ᠠᠳᠬᠤᠬᠤ ᠣᠯᠠᠨ ᠴᠢᠳᠠᠮᠵᠢᠳᠤ ᠪᠠᠭᠰᠢ ᠪᠣᠯᠤᠨ᠎ᠠ ᠭᠡᠵᠡᠭᠡᠪᠡ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ ᠨᠢᠭᠡᠳᠦᠭᠡᠷ ᠬᠤᠭᠤᠴᠠᠭ᠎ᠠ — ᠬᠡᠦᠬᠡᠳ᠎ᠤᠨ ᠳᠤᠭᠤᠢ᠌ᠯᠠᠩ 《ᠪᠢ ᠡᠬᠡ ᠤᠯᠤᠰ᠎ᠲᠤ᠎ᠪᠠᠨ ᠬᠠᠢ᠌ᠷᠠᠲᠠᠢ》
ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ ᠵᠢᠷᠭᠤᠳᠤᠭ᠋ᠠᠷ ᠬᠤᠭᠤᠴᠠᠭ᠎ᠠ᠄ ᠬᠡᠦᠬᠡᠳ᠎ᠤᠨ ᠳᠤᠭᠤᠶ᠋ᠢᠯᠠᠩ 《ᠳᠤᠮᠳᠠᠳᠤ ᠵᠢᠨ ᠦᠨᠳᠦᠰᠦᠲᠡᠨ ᠨᠢᠭᠡᠨ ᠬᠡᠷ᠎ᠤᠨ᠎ᠬᠢᠨ ᠮᠡᠲᠦ ᠲᠤᠳᠤᠨᠤ》
【ᠠᠩᠬᠠᠨ᠎ᠤ ᠪᠥᠲᠦᠭᠡᠯ】《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ》 ᠎ᠤᠨ ᠳᠡᠯᠭᠡᠷᠡᠭᠦᠯᠬᠦ ᠳᠠᠭᠤᠤ (ᠨᠢᠭᠡ) 《ᠳᠤᠮᠳᠠᠳᠤ ᠵᠢᠨ ᠦᠨᠳᠦᠰᠦᠲᠡᠨ ᠪᠣᠯ ᠨᠢᠭᠡ ᠭᠡᠷ》
【ᠠᠩᠬᠠᠨ᠎ᠤ ᠪᠦᠲᠦᠭᠡᠯ】《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ》 ᠎ᠤᠨ ᠳᠡᠯᠭᠡᠷᠡᠭᠦᠯᠬᠦ ᠳᠠᠭᠤᠤ (ᠬᠣᠶᠠᠷ) 《ᠰᠣᠷᠭᠣᠭ ᠴᠡᠴᠡᠭ᠎ᠤᠨ ᠢᠨᠢᠶᠡᠮᠰᠦᠭᠯᠡᠯ》
【ᠠᠩᠬᠠᠨ᠎ᠤ ᠪᠥᠲᠦᠭᠡᠯ】《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ》 ᠎ᠤᠨ ᠳᠡᠯᠭᠡᠷᠡᠭᠦᠯᠬᠦ ᠳᠠᠭᠤᠤ (ᠭᠤᠷᠪᠠ) 《ᠰᠡᠳᠬᠢᠯ ᠨᠢᠭᠡᠳᠦᠨ ᠢᠷᠡᠭᠡᠳᠦᠢ ᠵᠦᠭ ᠤᠷᠤᠭᠰᠢᠯᠠᠶ᠎ᠠ》
 
             蒙ICP备05000248号