
ᠡᠨᠡ ᠵᠤᠨ᠎ᠤ ᠠᠮᠠᠷᠠᠯᠲᠠ᠎ᠨᠢ ᠳᠤᠭᠤᠯᠭ᠎ᠠ᠎ᠳᠤ ᠠᠪᠴᠤ ᠬᠡᠯᠡᠪᠡᠯ ᠮᠠᠰᠢ ᠤᠳᠬ᠎ᠠ ᠠᠭᠤᠯᠭ᠎ᠠ᠎ᠲᠠᠢ᠃
《ᠪᠠᠭᠰᠢ ᠨᠠᠷ᠎ᠲᠤ ᠵᠥᠪᠳᠡᠯᠴᠡᠬᠦ ᠲᠣᠬᠢᠶᠠᠯ ᠣᠯᠭᠣᠭᠰᠠᠨ ᠵᠶ᠋ᠠᠷ ᠪᠠᠷᠠᠬᠤ ᠥᠬᠡᠶ᠂ ᠨᠠᠩ ᠴᠤ᠌ ᠵᠠᠯᠠᠭᠤ ᠪᠠᠭᠰᠢ ᠨᠠᠷ᠎ᠲᠤ ᠬᠣᠶ᠋ᠢᠰᠢᠳᠠ ᠵᠢᠨ ᠵᠢᠭ᠋ᠠᠬᠤ ᠪᠠ ᠳᠠᠪᠲᠠᠬᠤ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ》 ᠭᠡᠵᠦ ᠥᠪᠥᠷ ᠮᠣᠩᠭᠣᠯ᠎ᠤᠨ ᠰᠢᠯᠢ ᠵᠢᠨ ᠭᠤᠤᠯ ᠠᠶ᠋ᠢᠮᠠᠭ᠎ᠤᠨ ᠰᠢᠯᠢ ᠵᠢᠨ ᠬᠣᠲᠠ ᠵᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》 ᠵᠢᠨ ᠪᠠᠭᠰᠢ ᠳᠤᠭᠤᠯᠭ᠎ᠠ ᠭᠦᠨ ᠲᠥᠷᠥᠭᠳᠡᠯ᠎ᠲᠠᠢ ᠶᠠᠷᠢᠪᠠ᠃
ᠡᠨᠡ ᠵᠢᠯ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠤᠷᠢᠳ ᠬᠣᠵᠢᠳ ᠪᠥᠬᠥ ᠠᠶ᠋ᠢᠮᠠᠭ᠎ᠤᠨ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠭᠤᠤᠯᠯᠠᠭᠴᠢ ᠪᠠᠭᠰᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ᠂ 2023 ᠣᠨ᠎ᠤ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠪᠠᠭᠰᠢ ᠵᠢᠨ ᠰᠤᠳᠤᠯᠤᠨ ᠰᠤᠷᠤᠯᠴᠠᠬᠤ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠤ ᠳᠡᠰ᠎ᠤᠨ ᠰᠢᠯᠭ᠋ᠠᠯᠲᠠ ᠪᠠ ᠰᠢᠯᠢ ᠵᠢᠨ ᠭᠤᠤᠯ ᠠᠶ᠋ᠢᠮᠠᠭ᠎ᠤᠨ 2023 ᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠨ᠎ᠡ ᠵᠢᠭ᠋ᠠᠬᠤ ᠮᠠᠲ᠋ᠧᠷᠢᠶᠠᠯ᠎ᠤᠨ ᠪᠣᠯᠪᠠᠰᠤᠷᠠᠭᠤᠯᠤᠯ᠎ᠢ ᠥᠷᠨᠢᠭᠦᠯᠵᠦ᠂ ᠠᠮᠠᠷᠠᠯᠲᠠ ᠵᠢᠨ ᠬᠤᠭᠤᠴᠠᠭ᠎ᠠ ᠵᠢ ᠭᠦᠢ᠍ᠴᠡᠳ ᠠᠰᠢᠭᠯᠠᠨ᠂ ᠡᠯ᠎ᠡ ᠰᠤᠷᠭ᠋ᠠᠭᠤᠯᠢ ᠵᠢᠨ ᠪᠠᠭᠰᠢ ᠨᠠᠷ᠎ᠲᠤ ᠴᠠᠬᠢᠯᠭ᠋ᠠᠨ ᠴᠡᠨᠡᠭᠯᠡᠵᠦ ᠡᠨᠧᠷᠭᠢ ᠬᠤᠷᠠᠮᠳᠤᠭᠤᠯᠵᠤ ᠥᠭᠪᠡ᠃
ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022-2025 ᠣᠨ᠎ᠤ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠪᠠᠭᠰᠢ ᠵᠢ ᠪᠠᠲᠤᠯᠬᠠᠤ ᠠᠵᠢᠯ᠎ᠤᠨ ᠬᠡᠷᠡᠭᠵᠢᠭᠦᠯᠬᠦ ᠲᠥᠰᠦᠯ》᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠯᠢ ᠵᠢᠨ ᠭᠤᠤᠯ ᠠᠶ᠋ᠢᠮᠠᠭ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠪᠠᠭᠰᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠨᠢᠭᠡ ᠪᠦᠯᠦᠭ ᠳᠠᠭᠤᠷᠢᠶᠠᠯ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠪᠥᠬᠦᠢ ᠰᠢᠯᠢᠳᠡᠭ ᠭᠤᠤᠯᠯᠠᠭᠴᠢ ᠪᠠᠭᠰᠢ ᠵᠢ ᠬᠥᠮᠥᠵᠢᠭᠦᠯᠬᠦ ᠵᠢᠨ ᠲᠥᠯᠦᠭᠡ 7 ᠳ᠋ᠤᠭ᠋ᠠᠷ ᠰᠠᠷ᠎ᠠ ᠵᠢᠨ 15-22᠎ᠤᠨ ᠡᠳᠦᠷ᠂ ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠭᠤᠤᠯᠯᠠᠭᠴᠢ ᠪᠠᠭᠰᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ᠎ᠢ ᠡᠷᠭᠢᠯᠡᠪᠡ᠃ ᠪᠦᠬᠦ ᠠᠶ᠋ᠢᠮᠠᠭ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ 522 ᠭᠣᠣᠯᠯᠠᠭᠴᠢ ᠪᠠᠭᠰᠢ ᠪᠣᠯᠪᠠᠰᠤᠷᠠᠭᠤᠯᠤᠯ᠎ᠳᠤ ᠣᠷᠣᠯᠴᠠᠪᠠ᠃
ᠰᠢᠯᠢ ᠵᠢᠨ ᠬᠣᠲᠠ ᠵᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠡᠯᠡ ᠪᠢᠴᠢᠭ᠎ᠤᠨ ᠪᠠᠭᠰᠢ ᠭᠦᠸᠧ ᠶᠢᠩ ᠰᠢᠨ ᠡᠨᠡ ᠤᠳᠠᠭ᠋ᠠᠨ᠎ᠤ ᠪᠣᠯᠪᠠᠰᠤᠷᠠᠭᠤᠯᠤᠯ ᠵᠶ᠋ᠠᠷ ᠳᠡᠮᠵᠢᠨ᠂ ᠥᠩᠭᠡᠷᠡᠭᠰᠡᠨ᠎ᠤ ᠬᠡᠯᠡ ᠪᠢᠴᠢᠭ᠎ᠤᠨ ᠵᠢᠭ᠋ᠠᠨ ᠰᠤᠷᠭ᠋ᠠᠯᠲᠠ ᠵᠢᠨ ᠵᠠᠭᠪᠤᠷ ᠪᠠ ᠰᠢᠨ᠎ᠡ ᠵᠢᠭ᠋ᠠᠨ ᠰᠤᠷᠭ᠋ᠠᠯᠲᠠ ᠵᠢᠨ ᠣᠶ᠋ᠢᠯᠠᠭ᠋ᠠᠭᠳᠠᠬᠤᠨ᠎ᠳᠤ ᠨᠠᠩ ᠭᠦᠨᠵᠡᠭᠡᠶ ᠲᠠᠨᠢᠯᠲᠠ᠎ᠲᠠᠢ ᠪᠣᠯᠵᠣ᠂ ᠣᠨᠴᠠᠭ᠋ᠠᠢ᠌ᠯᠠᠨ ᠪᠤᠰᠤᠳ ᠰᠢᠯᠢᠳᠡᠭ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠵᠢ ᠰᠤᠷᠤᠯᠴᠠᠵᠤ᠂ ᠲᠡᠭᠦᠨ᠎ᠤ ᠰᠢᠨ᠎ᠡ ᠬᠢᠴᠢᠶᠡᠯ᠎ᠤᠨ ᠪᠠᠷᠢᠮᠵᠢᠶᠠᠨ᠎ᠤ ᠲᠤᠬᠠᠶ ᠣᠶ᠋ᠢᠯᠠᠭ᠋ᠠᠯᠲᠠ᠂ ᠲᠣᠮᠣ ᠨᠢᠭᠡᠴᠢ ᠵᠢᠨ ᠵᠢᠭ᠋ᠠᠨ ᠰᠤᠷᠭ᠋ᠠᠯᠲᠠ ᠵᠢᠨ ᠣᠶ᠋ᠢᠯᠠᠭ᠋ᠠᠭᠳᠠᠬᠤᠨ᠂ ᠲᠡᠦᠬᠡ ᠵᠢᠨ ᠮᠠᠲ᠋ᠧᠷᠢᠶᠠᠯ᠎ᠤᠨ ᠬᠡᠷᠡᠭᠯᠡᠯᠲᠡ ᠵᠡᠷᠭᠡ ᠰᠢᠨ᠎ᠡ ᠵᠢᠭ᠋ᠠᠨ ᠰᠤᠷᠭ᠋ᠠᠯᠲᠠ ᠵᠢᠨ ᠣᠶ᠋ᠢᠯᠠᠭ᠋ᠠᠭᠳᠠᠬᠤᠨ ᠪᠠ ᠠᠷᠭ᠎ᠠ ᠮᠠᠶᠢᠭ᠎ᠢ ᠶᠠᠭ᠋ᠠᠬᠢᠵᠤ ᠬᠢᠴᠢᠶᠡᠯᠯᠡᠭᠡ᠎ᠳᠤ ᠠᠭᠤᠰᠬᠠᠨ ᠣᠷᠣᠭᠤᠯᠬᠤ ᠲᠤᠬᠠᠶ ᠨᠠᠩ ᠭᠦᠨᠵᠡᠭᠡᠶ ᠣᠶ᠋ᠢᠯᠠᠭ᠋ᠠᠯᠲᠠ᠎ᠲᠠᠢ ᠪᠣᠯᠵᠠᠶ ᠭᠡᠪᠡ᠃

ᠪᠣᠯᠪᠠᠰᠤᠷᠠᠭᠤᠯᠤᠯ᠎ᠳᠤ ᠴᠧᠨ ᠶᠠᠨ ᠵᠢᠶᠦ᠋ᠨ᠂ ᠡᠤ ᠪᠥᠸᠧ᠂ ᠴᠧᠩ ᠭᠤᠸᠠᠩ ᠴᠢᠤᠸᠠᠨ ᠵᠡᠷᠭᠡ ᠤᠯᠤᠰ᠎ᠤᠨ ᠳᠣᠲᠣᠭ᠋ᠠᠳᠤ ᠵᠢᠨ ᠨᠡᠷᠡᠲᠦ ᠬᠢᠴᠢᠶᠡᠯ ᠲᠥᠷᠦᠯ᠎ᠤᠨ ᠲᠤᠰᠬᠠᠶ ᠮᠡᠷᠭᠡᠵᠢᠯᠲᠡᠨ ᠪᠠ ᠵᠢᠭ᠋ᠠᠬᠤ ᠵᠢ ᠰᠤᠳᠤᠯᠤᠭᠴᠢ ᠵᠢ ᠤᠷᠢᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ᠎ᠪᠠᠷ ᠬᠠᠷᠠᠯᠲᠠ ᠪᠣᠯᠭ᠋ᠠᠨ᠂ 《2 + 1》 ᠦᠢ᠍ᠯᠡᠳᠦᠯᠴᠡᠬᠦ ᠮᠠᠶᠢᠭ᠎ᠤᠨ ᠵᠢᠭ᠋ᠠᠬᠤ ᠠᠷᠭ᠎ᠠ᠂ ᠲᠤᠰᠬᠠᠶ ᠮᠡᠷᠭᠡᠵᠢᠯᠲᠡᠨ — ᠰᠤᠷᠤᠯᠭ᠋ᠠᠲᠠᠳ᠎ᠤᠨ ᠠᠳᠠᠯᠢ ᠬᠢᠴᠢᠶᠡᠯ᠎ᠢ ᠣᠨᠳᠣᠣ ᠪᠦᠲᠦᠴᠡ᠎ᠲᠠᠢ ᠶᠠᠷᠢᠬᠤ ᠬᠢᠴᠢᠶᠡᠯ᠎ᠤᠨ ᠦᠵᠡᠭᠦᠯᠭᠡ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠣᠯᠪᠠᠰᠤᠷᠠᠭᠤᠯᠤᠯ᠎ᠳᠤ ᠣᠷᠣᠯᠴᠠᠭᠰᠠᠨ ᠪᠠᠭᠰᠢ ᠵᠢ ᠬᠥᠲᠥᠯᠥᠨ ᠵᠢᠯᠣᠭᠣᠳᠴᠤ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠰᠢᠨ᠎ᠡ ᠬᠢᠴᠢᠶᠡᠯ᠎ᠤᠨ ᠪᠠᠷᠢᠮᠵᠢᠶᠠᠨ᠎ᠤ ᠣᠨᠣᠯᠵᠢᠬᠤᠨ᠂ ᠵᠢᠭ᠋ᠠᠬᠤ ᠮᠠᠲ᠋ᠧᠷᠢᠶᠠᠯ᠎ᠤᠨ ᠪᠦᠲᠦᠴᠡ ᠵᠢᠨ ᠠᠭᠤᠯᠭ᠎ᠠ ᠪᠠ ᠬᠢᠴᠢᠶᠡᠯ ᠲᠥᠷᠦᠯ᠎ᠢ ᠦᠨᠡᠯᠡᠬᠦ ᠪᠠᠷᠢᠮᠵᠢᠶ᠎ᠠ ᠵᠢ ᠰᠢᠰᠲ᠋ᠧᠮᠲᠡᠢ ᠪᠥᠭᠡᠳ ᠣᠨᠣᠪᠴᠢᠲᠠᠶ ᠣᠢ᠌ᠯᠠᠭ᠋ᠠᠭᠤᠯᠤᠨ ᠡᠵᠡᠮᠰᠢᠭᠦᠯᠵᠦ᠂ ᠪᠠᠭᠰᠢ ᠵᠢ ᠵᠢᠯᠣᠭᠣᠳᠴᠤ ᠵᠢᠭ᠋ᠠᠬᠤ ᠮᠠᠲ᠋ᠧᠷᠢᠶᠠᠯ᠎ᠤᠨ ᠤᠯᠤᠰ ᠲᠥᠷᠥ ᠵᠢᠨ ᠴᠢᠭᠯᠡᠯ ᠪᠠ ᠥᠷᠲᠡᠭ᠎ᠤᠨ ᠤᠳᠤᠷᠢᠳᠤᠮᠵᠢ ᠵᠢ ᠭᠦᠢ᠍ᠴᠡᠳ ᠲᠠᠨᠢᠭᠤᠯᠤᠨ᠂ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ ᠵᠠᠷᠴᠢᠮ ᠪᠠ ᠶᠡᠷᠦᠩᠬᠡᠶ ᠰᠡᠳᠬᠢᠮᠵᠢ ᠵᠢ ᠣᠨᠣᠪᠴᠢᠲᠠᠶ ᠡᠵᠡᠮᠰᠢᠭᠦᠯᠵᠦ᠂ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨ᠎ᠡ ᠬᠢᠴᠢᠶᠡᠯ᠎ᠤᠨ ᠪᠠᠷᠢᠮᠵᠢᠶ᠎ᠠ ᠰᠢᠨ᠎ᠡ ᠵᠢᠭ᠋ᠠᠬᠤ ᠮᠠᠲ᠋ᠧᠷᠢᠶᠠᠯ᠎ᠢ ᠬᠢᠴᠢᠶᠡᠯᠯᠡᠭᠡ᠎ᠳᠤ ᠨᠠᠩ ᠰᠠᠶ᠋ᠢᠲᠤᠷ ᠨᠠᠢ᠌ᠳᠠᠪᠤᠷᠢᠵᠢᠭᠤᠯᠵᠤ᠂ ᠪᠠᠭᠰᠢ ᠰᠤᠷᠤᠭᠴᠢ ᠵᠢᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠭᠦᠢ᠍ᠴᠡᠳ ᠪᠠᠳᠠᠷᠠᠭᠤᠯᠤᠨ᠂ ᠰᠢᠯᠢ ᠵᠢᠨ ᠭᠤᠤᠯ ᠠᠶ᠋ᠢᠮᠠᠭ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠳᠤ ᠯᠠᠪᠳᠠᠭᠤᠨ ᠪᠠᠲᠤᠲᠠᠶ ᠲᠤᠬᠠᠶ᠋ᠢᠯᠠᠭᠰᠠᠨ ᠠᠵᠢᠯ᠎ᠤᠨ ᠣᠨᠣᠯ᠎ᠤᠨ ᠰᠠᠭᠤᠷᠢ ᠵᠢ ᠲᠠᠯᠪᠢᠪᠠ᠃
ᠰᠢᠯᠢ ᠵᠢᠨ ᠬᠣᠲᠠ ᠵᠢᠨ ᠮᠣᠩᠭᠣᠯ ᠳᠤᠮᠳᠠᠳᠤ ᠰᠤᠷᠭ᠋ᠠᠭᠤᠯᠢ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠡᠯᠡ ᠪᠢᠴᠢᠭ᠎ᠤᠨ ᠪᠠᠭᠰᠢ ᠢᠦᠢ ᠾᠥᠩ᠄ 《ᠡᠨᠡ ᠤᠳᠠᠭ᠋ᠠᠨ᠎ᠤ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠪᠣᠯᠪᠠᠰᠤᠷᠠᠭᠤᠯᠤᠯ᠎ᠳᠤ ᠣᠷᠣᠯᠴᠠᠭᠰᠠᠨ᠎ᠳᠤ᠎ᠪᠠᠨ ᠮᠠᠰᠢ ᠪᠠᠶᠠᠷᠯᠠᠵᠤ ᠪᠠᠶ᠋ᠢᠨ᠎ᠠ᠂ ᠡᠨᠡ ᠤᠳᠠᠭ᠋ᠠᠨ᠎ᠤ ᠪᠣᠯᠪᠠᠰᠤᠷᠠᠭᠤᠯᠤᠯ᠎ᠤᠨ ᠠᠭᠤᠯᠭ᠎ᠠ ᠪᠠᠶᠠᠯᠢᠭ᠂ ᠬᠡᠷᠡᠭᠯᠡᠭᠡᠨ᠎ᠤ ᠴᠢᠨᠠᠷ ᠴᠢᠩᠭ᠎ᠠ》 ᠭᠡᠪᠡ᠃ ᠡᠭᠦᠨ᠎ᠤ ᠬᠠᠮᠲᠤ᠂ ᠲᠡᠷᠡ ᠪᠠᠰᠠ ᠬᠡᠳᠦᠨ ᠣᠨᠴᠠᠯᠢᠭ᠂ ᠲᠤᠬᠠᠢ᠌ᠯᠠᠪᠠᠯ᠂ ᠨᠠᠶ᠋ᠢᠷᠠᠭᠤᠯᠤᠨ ᠵᠢᠭᠰᠠᠭ᠋ᠠᠭᠰᠠᠨ ᠠᠭᠤᠯᠭ᠎ᠠ᠎ᠨᠢ ᠰᠤᠷᠤᠭᠴᠢᠳ᠎ᠤᠨ ᠠᠮᠢᠳᠤᠷᠠᠯ᠎ᠲᠠᠢ ᠣᠶ᠋ᠢᠷᠠᠳᠴᠤ᠂ ᠤᠯᠠᠮᠵᠢᠯᠠᠯᠲᠤ ᠰᠣᠶᠣᠯ᠎ᠤᠨ ᠨᠡᠪᠴᠢᠯᠲᠡ ᠵᠢ ᠴᠢᠬᠤᠯᠠᠴᠢᠯᠠᠵᠤ᠂ ᠤᠩᠰᠢᠯᠭ᠎ᠠ ᠪᠠ ᠵᠣᠬᠢᠶᠠᠨ ᠪᠢᠴᠢᠬᠦ ᠴᠢᠳᠠᠪᠤᠷᠢ ᠵᠢᠨ ᠳᠡᠭᠡᠭᠰᠢᠯᠡᠯᠲᠡ ᠵᠢ ᠴᠢᠬᠤᠯᠠᠴᠢᠯᠠᠪᠠ ᠭᠡᠵᠦ ᠳ᠋ᠦᠩᠨᠡᠵᠡᠢ᠃
ᠳᠤᠷᠠᠳᠤᠭᠤᠰᠢᠲᠠᠶ ᠵᠦᠢ᠍ᠯ ᠪᠣᠯ ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠤ᠂ ᠰᠤᠷᠤᠯᠭ᠋ᠠᠲᠠᠳ ᠥᠩᠭᠡᠷᠡᠭᠰᠡᠨ᠎ᠤ ᠬᠢᠴᠢᠶᠡᠯ ᠰᠣᠨᠣᠰᠴᠤ ᠪᠠᠶ᠋ᠢᠭᠰᠠᠨ ᠰᠤᠷᠤᠯᠴᠠᠬᠤ ᠠᠷᠭ᠎ᠠ ᠮᠠᠶᠢᠭ ᠵᠶ᠋ᠠᠨ ᠬᠤᠪᠢᠷᠠᠭᠤᠯᠵᠤ᠂ ᠲᠤᠰᠬᠠᠶ ᠮᠡᠷᠭᠡᠵᠢᠯᠲᠡᠨ᠎ᠤ ᠲᠠᠶ᠋ᠢᠯᠤᠮᠵᠢ ᠵᠢ ᠨᠠᠷᠢᠨ ᠬᠢᠨᠠᠮᠠᠭ᠋ᠠᠶ ᠰᠣᠨᠣᠰᠴᠤ᠂ ᠲᠤᠰᠬᠠᠶ ᠮᠡᠷᠭᠡᠵᠢᠯᠲᠡᠨ᠎ᠲᠠᠢ ᠰᠠᠨᠠᠯ ᠵᠶ᠋ᠠᠨ ᠰᠣᠯᠢᠯᠴᠠᠭᠰᠠᠨ᠎ᠠᠴᠠ ᠭᠠᠳᠠᠨ᠎ᠠ ᠪᠠᠰᠠ ᠲᠤᠰᠬᠠᠶ ᠮᠡᠷᠭᠡᠵᠢᠯᠲᠡᠨ᠎ᠤ ᠵᠢᠯᠣᠭᠣᠳᠣᠯᠭ᠎ᠠ᠎ᠪᠠᠷ ᠠᠳᠠᠯᠢ ᠬᠢᠴᠢᠶᠡᠯ᠎ᠢ ᠣᠨᠳᠣᠤ ᠪᠥᠲᠦᠴᠡ᠎ᠪᠠᠷ ᠶᠠᠷᠢᠬᠤ ᠬᠢᠴᠢᠶᠡᠯ᠎ᠤᠨ ᠦᠵᠡᠭᠦᠯᠭᠡ ᠵᠢ ᠲᠣᠭᠣᠷᠢᠨ ᠦᠵᠡᠬᠦ ᠪᠠ ᠰᠤᠳᠤᠯᠤᠨ ᠶᠠᠷᠢᠯᠴᠠᠬᠤ ᠠᠵᠢᠯᠯᠠᠭ᠎ᠠ ᠵᠢ ᠥᠷᠨᠢᠭᠦᠯᠵᠦ᠂ ᠵᠢᠭ᠋ᠠᠨ ᠰᠤᠷᠭ᠋ᠠᠯᠲᠠ ᠵᠢ ᠵᠡᠷᠭᠡ᠎ᠪᠠᠷ ᠳᠡᠭᠡᠭᠰᠢᠯᠡᠭᠦᠯᠦᠨ᠂ ᠰᠣᠷᠣᠭᠰᠠᠨ ᠵᠶ᠋ᠠᠨ ᠬᠡᠷᠡᠭᠯᠡᠬᠦ ᠪᠣᠯᠪᠠᠰᠤᠷᠠᠭᠤᠯᠤᠯ᠎ᠤᠨ ᠬᠠᠷᠠᠯᠲᠠ ᠵᠢ ᠦᠨᠡᠨ ᠬᠦ᠌ ᠪᠡᠶᠡᠯᠡᠭᠦᠯᠦᠭᠰᠡᠨ ᠪᠠᠶ᠋ᠢᠨ᠎ᠠ᠃
ᠡᠭᠦᠨ᠎ᠤ ᠬᠠᠮᠲᠤ᠂ 533 ᠪᠠᠭᠰᠢ ᠪᠠᠰᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠤ ᠳᠡᠰ᠎ᠤᠨ ᠰᠢᠯᠭ᠋ᠠᠯᠲᠠ᠎ᠳᠤ ᠣᠷᠣᠯᠴᠠᠵᠤ᠂ 8676 ᠪᠠᠭᠰᠢ ᠰᠤᠷᠭ᠋ᠠᠨ ᠬᠥᠮᠦᠵᠢᠯ᠎ᠤᠨ ᠶᠠᠮᠤᠨ᠎ᠤ ᠵᠣᠬᠢᠶᠠᠨ ᠪᠠᠶ᠋ᠢᠭᠤᠯᠤᠭᠰᠠᠨ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠪᠠᠭᠰᠢ ᠵᠢᠨ ᠰᠦᠯᠵᠢᠶᠡᠨ᠎ᠳᠠᠬᠢ ᠰᠤᠳᠤᠯᠤᠨ ᠰᠤᠷᠤᠯᠴᠠᠬᠤ ᠠᠵᠢᠯᠯᠠᠭ᠎ᠠ᠎ᠳᠤ ᠣᠷᠣᠯᠴᠠᠵᠤ᠂ ᠨᠠᠮᠤᠷ᠎ᠤᠨ ᠤᠯᠠᠷᠢᠯ᠎ᠤᠨ ᠰᠢᠨ᠎ᠡ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠤ ᠬᠢᠴᠢᠶᠡᠯ᠎ᠤᠨ ᠪᠠᠭᠰᠢ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠵᠢᠭ᠋ᠠᠬᠤ ᠵᠢ ᠰᠤᠳᠤᠯᠤᠭᠴᠢ 426 ᠪᠠᠭᠰᠢ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠨ᠎ᠡ ᠵᠢᠭ᠋ᠠᠬᠤ ᠮᠠᠲ᠋ᠧᠷᠢᠶᠠᠯ᠎ᠤᠨ ᠪᠣᠯᠪᠠᠰᠤᠷᠠᠭᠤᠯᠤᠯ᠎ᠳᠤ ᠣᠷᠣᠯᠴᠠᠪᠠ᠃