ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ ᠬᠣᠷᠢᠨ ᠨᠢᠭᠡᠳᠦᠭᠡᠷ ᠬᠤᠭᠤᠴᠠᠭ᠎ᠠ᠄ ᠬᠡᠦᠬᠡᠳ᠎ᠤᠨ ᠳᠤᠭᠤᠶ᠋ᠢᠯᠠᠩ 《ᠮᠢᠨᠦ ᠬᠦᠰᠡᠯᠡᠩ》
ᠨᠡᠶ᠋ᠢᠲᠡᠯᠡᠭᠰᠡᠨ ᠴᠠᠭ᠄ 2023-08-29

      ᠡᠯ᠎ᠡ ᠰᠤᠷᠤᠯᠭ᠎ᠠ ᠵᠢᠨ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠤᠨ ᠡᠬᠢ ᠪᠠᠶᠠᠯᠢᠭ᠎ᠢ ᠦᠷᠭᠦᠯᠵᠢᠯᠡᠨ ᠪᠠᠶᠠᠯᠢᠭᠵᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠥᠪᠥᠷ ᠮᠣᠩᠭᠣᠯ᠎ᠤᠨ ᠲᠧᠯᠸᠢᠰ ᠬᠣᠷᠢᠶ᠎ᠠ᠎ᠲᠠᠢ ᠬᠠᠮᠲᠤᠷᠠᠨ 《ᠠᠨᠠᠷ᠎ᠤᠨ ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ》᠎ᠢ ᠬᠦᠴᠦᠯᠡᠨ ᠦᠢ᠍ᠯᠡᠳᠪᠡ᠃ ᠸᠢᠳᠢᠣ᠋ ᠵᠢ ᠬᠡᠦᠬᠡᠳ᠎ᠤᠨ ᠳᠤᠭᠤᠢ᠌ᠯᠠᠩ᠂ ᠪᠠᠭ᠎ᠠ ᠰᠤᠷᠭ᠋ᠠᠭᠤᠯᠢ ᠵᠢᠨ ᠨᠠᠰᠤ ᠪᠠᠭ᠎ᠠ ᠰᠤᠷᠤᠭᠴᠢ ᠵᠢᠨ ᠳᠤᠭᠤᠶ᠋ᠢᠯᠠᠩ᠂ ᠪᠠᠭ᠎ᠠ ᠰᠤᠷᠭ᠋ᠠᠭᠤᠯᠢ ᠵᠢᠨ ᠨᠠᠰᠤ ᠶᠡᠬᠡ ᠰᠤᠷᠤᠭᠴᠢ ᠵᠢᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ ᠭᠡᠵᠦ ᠲᠠᠪᠤᠨ ᠱᠠᠲᠤ ᠬᠤᠪᠢᠶᠠᠵᠤ᠂ ᠠᠳᠠᠯᠢ ᠪᠤᠰᠤ ᠬᠤᠭᠤᠴᠠᠭ᠋ᠠᠨ᠎ᠤ ᠬᠡᠦᠬᠡᠳ᠎ᠤᠨ ᠲᠠᠨᠢᠨ ᠮᠡᠳᠡᠬᠦᠶ ᠵᠢᠨ ᠣᠨᠴᠠᠯᠢᠭ᠎ᠢ ᠦᠨᠳᠦᠰᠦᠯᠡᠨ᠂ ᠰᠣᠨᠣᠰᠴᠤ ᠲᠥᠬᠥᠭᠡᠷᠡᠬᠦ ᠬᠡᠯᠡ᠂ ᠰᠢᠨ᠎ᠡ ᠰᠣᠷᠭᠣᠭ ᠠᠮᠢᠳᠤᠯᠢᠭ ᠠᠷᠭ᠎ᠠ ᠮᠠᠶᠢᠭ ᠵᠶ᠋ᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠶᠠᠷᠢᠭᠤᠯᠤᠨ᠂ ᠨᠠᠷᠠᠲᠤ ᠬᠥᠮᠦᠰ᠎ᠢ ᠤᠷᠢᠵᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠭᠤᠯᠵᠤ᠂ ᠰᠤᠷᠤᠭᠴᠢ ᠵᠢᠨ ᠬᠠᠷᠠᠭ᠋ᠠᠰᠤ᠎ᠠᠴᠠ ᠡᠬᠡ ᠣᠷᠣᠨᠴᠢ ᠦᠵᠡᠯ᠎ᠢ ᠶᠠᠷᠢᠵᠤ᠂ ᠰᠤᠷᠤᠭᠴᠢᠳ ᠦᠵᠡᠬᠦ ᠶᠠᠪᠤᠴᠠ᠎ᠳᠤ ᠰᠡᠳᠬᠢᠯ ᠬᠥᠳᠡᠯᠵᠦ᠂ ᠲᠥᠷᠦᠭᠳᠡᠵᠦ᠂ ᠰᠡᠳᠬᠢᠯ ᠨᠢᠭᠡᠳᠦᠨ᠂ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ ᠵᠢ ᠪᠣᠢ ᠪᠣᠯᠭ᠋ᠠᠨ᠂ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠮᠡᠳᠡᠷᠡᠬᠦ ᠵᠢ ᠳᠡᠭᠡᠭᠰᠢᠯᠡᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠠᠶᠠᠨᠳᠠᠭ᠋ᠠᠨ ᠠᠭᠤᠰᠴᠤ᠂ ᠳᠤᠮᠳᠠᠳᠤ᠎ᠪᠠᠨ ᠬᠠᠶ᠋ᠢᠷᠠᠯᠠᠬᠤ ᠦᠷ᠎ᠡ ᠵᠢ ᠪᠠᠭ᠋ᠠᠴᠤᠳ ᠬᠡᠦᠬᠡᠳ᠎ᠤᠨ ᠰᠡᠳᠬᠢᠯ᠎ᠳᠤ ᠦᠨᠳᠦᠰᠦᠯᠡᠭᠦᠯᠪᠡ᠃ ᠥᠨᠥᠳᠦᠷ᠎ᠠᠴᠠ ᠡᠬᠢᠯᠡᠨ᠂ ᠭᠠᠷᠠᠭ᠎ᠤᠨ ᠨᠢᠭᠡᠨ ᠎ᠠᠴᠠ ᠭᠠᠷᠠᠭ᠎ᠤᠨ ᠲᠠᠪᠤᠨ ᠪᠣᠯᠲᠠᠯ᠎ᠠ ᠡᠳᠦᠷ ᠪᠦᠷᠢ 1 ᠬᠤᠭᠤᠴᠠᠭ᠎ᠠ ᠨᠡᠪᠲᠡᠷᠡᠭᠦᠯᠦᠨ᠎ᠡ᠂ ᠬᠠᠮᠲᠤ᠎ᠳᠤ᠎ᠪᠠᠨ ᠬᠣᠷᠢᠨ ᠨᠢᠭᠡᠳᠦᠭᠡᠷ ᠬᠤᠭᠤᠴᠠᠭ᠋ᠠᠨ᠎ᠤ ᠬᠡᠦᠬᠡᠳ᠎ᠤᠨ ᠳᠤᠭᠤᠶ᠋ᠢᠯᠠᠩ᠎ᠤᠨ 《ᠮᠢᠨᠤ ᠬᠦᠰᠡᠯᠡᠩ》᠎ᠢ ᠰᠣᠨᠢᠷᠬᠠᠵᠠᠭ᠋ᠠᠶ᠎ᠠ!



 

 


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠥᠲᠦᠭᠡᠨ ᠪᠠᠢ᠌ᠭᠤᠯᠬᠤ᠎ᠨᠢ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠭᠰᠢ ᠵᠢᠨ ᠪᠣᠯᠪᠠᠰᠤᠷᠠᠭᠤᠯᠤᠯ᠎ᠤᠨ ᠰᠠᠭᠤᠷᠢᠨ (ᠪᠠᠷᠠᠭᠤᠨ ᠣᠷᠣᠨ)᠎ᠤ ᠰᠤᠳᠤᠯᠤᠨ ᠰᠤᠷᠤᠯᠴᠠᠬᠤ ᠠᠩᠭᠢ ᠵᠢ ᠡᠷᠬᠢᠯᠡᠪᠡ
《ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠣᠢ ᠵᠠᠯᠠᠭᠤ ᠨᠠᠰᠤᠨ᠎ᠳᠤ᠎ᠪᠠᠨ ᠴᠢᠷᠮᠠᠢ᠌ᠵᠠᠭ᠋ᠠᠶ᠎ᠠ》 — ᠪᠤᠭᠤᠲᠤ ᠵᠢᠨ ᠬᠦᠩᠭᠡᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠭᠦᠯᠡᠨ ᠦᠵᠦᠭᠦᠷ᠎ᠲᠠᠬᠢ ᠪᠣᠤᠭᠢᠶ᠎ᠠ
《ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠣᠢ ᠵᠠᠯᠠᠭᠤ ᠨᠠᠰᠤᠨ᠎ᠳᠤ᠎ᠪᠠᠨ ᠴᠢᠷᠮᠠᠢ᠌ᠵᠠᠭ᠋ᠠᠶ᠎ᠠ》 — ᠥᠪᠥᠷ ᠮᠣᠩᠭᠣᠯ᠎ᠤᠨ ᠶᠡᠬᠡ ᠰᠤᠷᠭ᠋ᠠᠭᠤᠯᠢ
ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠰᠤᠷᠤᠯᠴᠠᠵᠤ ᠢᠷᠡᠭᠡᠳᠦᠢ ᠵᠦᠭ ᠲᠡᠮᠡᠦᠯᠦᠨᠡᠮ
ᠡᠯ᠎ᠡ ᠭᠠᠵᠠᠷ᠎ᠤᠨ᠎ᠬᠢᠨ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠵᠢᠭ᠋ᠠᠨ ᠰᠤᠷᠭ᠋ᠠᠯᠲᠠ ᠵᠢᠨ ᠵᠢᠯᠤᠭᠤᠳᠤᠯᠭ᠎ᠠ ᠵᠢ ᠴᠢᠩᠭ᠋ᠠᠳᠬᠠᠪᠠ
 
             蒙ICP备05000248号