ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠬᠤ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠦᠢ᠍ᠯᠡᠳᠦᠯᠭᠡ ᠵᠢ ᠠᠰᠢᠭᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠥᠪᠥᠷ ᠮᠣᠩᠭᠣᠯ᠎ᠤᠨ ᠡᠯᠪᠡᠭ ᠪᠠᠶᠠᠯᠢᠭ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠢ᠍ᠴᠡᠳ ᠢᠯᠡᠷᠡᠭᠦᠯᠬᠦ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠬᠤᠪᠢᠰᠬᠠᠯ᠎ᠤᠨ ᠰᠣᠶᠤᠯ᠎ᠤᠨ ᠰᠤᠷᠭ᠋ᠠᠨ ᠬᠥᠮᠥᠵᠢᠯ᠎ᠤᠨ ᠰᠠᠭᠤᠷᠢᠨ ᠭᠠᠵᠠᠷ᠎ᠢ ᠰᠢᠷᠢᠰ ᠲᠠᠨᠢᠯᠴᠠᠭᠤᠯᠵᠤ᠂ ᠥᠷᠭᠡᠨ ᠣᠯᠠᠨ ᠪᠠᠭᠰᠢ ᠰᠤᠷᠤᠭᠴᠢ᠎ᠳᠤ 《ᠬᠤᠪᠢᠰᠬᠠᠯ᠎ᠤᠨ ᠰᠣᠶᠤᠯ᠎ᠤᠨ ᠰᠤᠷᠭ᠋ᠠᠨ ᠬᠥᠮᠥᠵᠢᠯ᠎ᠤᠨ ᠰᠠᠭᠤᠷᠢᠨ ᠭᠠᠵᠠᠷ᠎ᠢ ᠲᠣᠭᠣᠷᠢᠨ ᠦᠵᠡᠵᠦ ᠰᠤᠷᠤᠯᠴᠠᠨ ᠦᠵᠡᠯ ᠰᠠᠨᠠᠭ᠎ᠠ ᠤᠯᠤᠰ ᠲᠥᠷᠦ ᠵᠢᠨ ᠬᠢᠴᠢᠶᠡᠯ᠎ᠢ ᠬᠥᠭᠵᠢᠶᠡᠨ᠎ᠲᠠᠢ ᠪᠣᠯᠭ᠋ᠠᠨᠠᠮ》 ᠭᠡᠬᠦ ᠠᠵᠢᠯᠯᠠᠭ᠎ᠠ ᠥᠷᠨᠢᠭᠦᠯᠬᠦ ᠵᠢ ᠰᠠᠨᠠᠭ᠋ᠠᠴᠢᠯᠠᠨ᠂ ᠦᠵᠡᠯ ᠰᠠᠨᠠᠭ᠎ᠠ ᠤᠯᠤᠰ ᠲᠥᠷᠥ ᠵᠢᠨ ᠪᠢᠴᠢᠯ ᠬᠢᠴᠢᠶᠡᠯ᠎ᠤᠨ ᠲᠠᠩᠬᠢᠮ᠎ᠢ ᠨᠡᠶ᠋ᠢᠭᠡᠮ᠎ᠤᠨ ᠲᠣᠮᠤ ᠬᠢᠴᠢᠶᠡᠯ᠎ᠤᠨ ᠲᠠᠩᠬᠢᠮᠯᠤᠭᠠ ᠤᠶᠠᠯᠳᠤᠭᠤᠯᠬᠤ ᠵᠢ ᠲᠠᠰᠤᠷᠠᠯᠲᠠ ᠥᠬᠡᠶ ᠠᠬᠢᠭᠤᠯᠵᠤ᠂ ᠥᠷᠭᠡᠨ ᠣᠯᠠᠨ ᠪᠠᠭᠰᠢ ᠰᠤᠷᠤᠭᠴᠢ ᠦᠢ᠍ᠯᠡᠳᠦᠯᠭᠡ ᠵᠢᠨ ᠶᠠᠪᠤᠴᠠ᠎ᠳᠤ ᠰᠤᠷᠤᠯᠴᠠᠵᠤ ᠰᠡᠳᠬᠢᠵᠦ ᠦᠢ᠍ᠯᠡᠳᠦᠯᠭᠡᠵᠢᠭᠦᠯᠵᠦ ᠤᠬᠠᠪᠤᠷᠢᠯᠠᠵᠤ᠂ ᠮᠡᠳᠡᠬᠦᠶ ᠬᠢᠬᠦᠶ ᠵᠢ ᠨᠢᠭᠡᠳᠭᠡᠪᠡ᠃
ᠳᠥᠷᠪᠡᠳᠦᠭᠡᠷ ᠬᠤᠭᠤᠴᠠᠭ᠎ᠠ᠄ ᠬᠥᠯᠥᠨ ᠪᠣᠶ᠋ᠢᠷ ᠬᠣᠲᠠ
ᠬᠥᠯᠥᠨ ᠪᠣᠶ᠋ᠢᠷ ᠬᠣᠲᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠣᠶ᠋ᠢᠲᠤ ᠬᠡᠰᠡᠭ᠎ᠲᠤ ᠪᠠᠢ᠌ᠷᠢᠯᠠᠵᠤ᠂ ᠬᠢᠯᠢ ᠵᠢᠨ ᠳᠣᠲᠤᠷᠠᠬᠢ ᠬᠥᠯᠥᠨ ᠨᠠᠭᠤᠷ ᠪᠠ ᠪᠣᠶ᠋ᠢᠷ ᠨᠠᠭᠤᠷ᠎ᠠᠴᠠ ᠨᠡᠷ᠎ᠡ ᠵᠢᠨ ᠢᠷᠡᠯ᠎ᠲᠠᠢ᠂ ᠶᠡᠷᠦᠩᠬᠡᠶ ᠲᠠᠯᠠᠪᠠᠶ ᠪᠠᠷᠤᠭ 25 . 3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠬᠥᠯᠥᠨ ᠪᠤᠢ᠍ᠢ᠍ᠷ᠎ᠤᠨ ᠪᠠᠶ᠋ᠢᠭ᠋ᠠᠯᠢ ᠵᠢᠨ ᠡᠬᠢ ᠪᠠᠶᠠᠯᠢᠭ ᠮᠠᠰᠢ ᠡᠯᠪᠡᠭ᠂ ᠤᠢ ᠰᠢᠭᠤᠢ᠂ ᠲᠠᠯ᠎ᠠ ᠨᠤᠲᠤᠭ᠂ ᠨᠠᠮᠤᠭ ᠭᠠᠵᠠᠷ᠂ ᠨᠠᠭᠤᠷ ᠴᠥᠭᠥᠷᠥᠮ᠂ ᠭᠣᠣᠯ ᠮᠥᠷᠡᠨ᠎ᠲᠠᠢ ᠪᠠᠶ᠋ᠢᠵᠤ᠂ ᠳᠤᠮᠳᠠᠳᠤ ᠤᠯᠤᠰ᠎ᠤᠨ ᠬᠡᠪᠴᠢᠶ᠎ᠡ᠎ᠪᠠᠷ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠠᠮᠢ ᠠᠬᠤᠢ ᠵᠢᠨ ᠰᠢᠰᠲ᠋ᠧᠮ᠎ᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠰᠢᠯᠢᠳᠡᠭ ᠵᠤᠭ᠋ᠠᠴᠠᠯ᠎ᠤᠨ ᠬᠤᠳᠠ᠂ ᠪᠦᠬᠦ ᠤᠯᠤᠰ᠎ᠤᠨ ᠴᠣᠷᠢ ᠵᠢᠨ ᠭᠠᠭᠴᠠ ᠲᠠᠯ᠎ᠠ ᠨᠤᠲᠤᠭ᠎ᠤᠨ ᠵᠤᠭ᠋ᠠᠴᠠᠯ᠎ᠢ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠬᠦ ᠭᠠᠵᠠᠷ ᠣᠷᠣᠨ᠂ ᠤᠯᠤᠰ᠎ᠤᠨ ᠲᠡᠰ᠎ᠤᠨ ᠵᠤᠭ᠋ᠠᠴᠠᠯ᠎ᠤᠨ ᠦᠢ᠍ᠯᠡᠰ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠬᠦ ᠬᠣᠰᠢᠭᠤᠴᠢ ᠣᠷᠣᠨ ᠪᠣᠯᠤᠨ᠎ᠠ᠃ ᠬᠥᠯᠥᠨ ᠪᠤᠢ᠍ᠢ᠍ᠷ᠎ᠤᠨ ᠰᠣᠶᠣᠯ ᠢᠷᠭᠡᠨᠰᠢᠯ ᠥᠨᠢ ᠤᠳᠠᠭ᠋ᠠᠨ ᠲᠡᠦᠬᠡ᠎ᠲᠠᠢ᠂ ᠮᠠᠨ᠎ᠤ ᠤᠯᠤᠰ᠎ᠤᠨ ᠤᠮᠠᠷᠠᠲᠤ ᠵᠢᠨ ᠠᠩ ᠠᠩᠨᠠᠯ᠂ ᠨᠡᠭᠦᠳᠡᠯ ᠮᠠᠯᠵᠢᠯ᠎ᠤᠨ ᠦᠨᠳᠦᠰᠦᠲᠡᠨ᠎ᠤ ᠴᠢᠬᠤᠯᠠ ᠡᠭᠦᠰᠦᠯ᠎ᠤᠨ ᠭᠠᠵᠠᠷ ᠪᠠᠢ᠌ᠵᠤ᠂ ᠰᠢᠶᠡᠨᠪᠢ᠂ ᠬᠢᠳᠠᠨ᠂ ᠵᠦᠷᠴᠢᠨ ᠵᠡᠷᠭᠡ ᠮᠠᠰᠢ ᠤᠯᠠᠨ ᠦᠨᠳᠦᠰᠦᠲᠡᠨ ᠠᠮᠢᠳᠤᠷᠠᠵᠤ ᠥᠩᠭᠡᠷᠡᠵᠡᠢ᠃

ᠬᠥᠯᠥᠨ ᠪᠣᠶ᠋ᠢᠷ ᠬᠣᠲᠠ ᠵᠢᠨ ᠰᠤᠳᠤᠯᠤᠨ ᠰᠤᠷᠤᠯᠴᠠᠬᠤ ᠴᠡᠭ᠎ᠤᠨ ᠭᠠᠵᠠᠷ᠎ᠤᠨ ᠵᠢᠷᠤᠭ
ᠬᠤᠪᠢᠰᠬᠠᠯ᠎ᠤᠨ ᠰᠣᠳᠤᠯᠤᠨ ᠰᠤᠷᠤᠯᠴᠠᠬᠤ ᠴᠡᠭ᠎ᠤᠨ ᠲᠣᠪᠴᠢ ᠲᠠᠨᠢᠯᠴᠠᠭᠤᠯᠭ᠎ᠠ










