ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠵᠢᠨ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-11-23

ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠡᠩ᠎ᠤᠨ ᠳᠡᠭᠡᠳᠦ ᠰᠤᠷᠭ᠋ᠠᠭᠤᠯᠢ᠎ᠳᠤ᠄
      ᠰᠤᠷᠭ᠋ᠠᠨ ᠬᠥᠮᠦᠵᠢᠯ᠎ᠤᠨ ᠶᠠᠮᠤᠨ᠎ᠤ 《ᠪᠦᠬᠦ ᠤᠯᠤᠰ᠎ᠤᠨ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢ ᠡᠷᠬᠢᠯᠡᠬᠦ ᠲᠤᠬᠠᠢ ᠮᠡᠳᠡᠭᠳᠡᠯ》 (ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2020] 3 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠪᠦᠬᠦ ᠣᠷᠣᠨ᠎ᠤ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠷᠠᠯᠢᠭ᠎ᠤᠨ ᠨᠠᠶ᠋ᠢᠷ᠎ᠤᠨ ᠲᠤᠰᠬᠠᠢ ᠦᠵᠡᠭᠦᠯᠭᠡ ᠵᠢᠨ ᠲᠣᠭᠯᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠲᠤᠬᠠᠢ ᠮᠡᠳᠡᠭᠳᠡᠯ》 (ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2020] 1 ᠳ᠋ᠦ᠍ᠭᠡᠷ ᠲᠣᠭ᠋ᠠᠲᠤ)᠂ 《ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠵᠢ ᠡᠷᠬᠢᠯᠡᠬᠦ ᠲᠤᠬᠠᠢ ᠮᠡᠳᠡᠭᠳᠡᠯ》 (ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2020] 36 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2023 ᠣᠨ᠎ᠤ 1-10 ᠳ᠋ᠤᠭ᠋ᠠᠷ ᠰᠠᠷ᠎ᠠ ᠪᠣᠯᠲᠠᠯ᠎ᠠ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ  ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ (ᠳᠣᠷᠣᠭᠰᠢ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠭᠡᠵᠦ ᠳᠦᠭᠦᠮᠴᠢᠯᠡᠨ᠎ᠡ) ᠵᠢ ᠡᠷᠬᠢᠯᠡᠪᠡ᠃
      ᠲᠤᠰ ᠬᠤᠭᠤᠴᠠᠭ᠋ᠠᠨ᠎ᠤ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠵᠢᠨ ᠲᠥᠰᠦᠯ ᠶᠣᠰᠤ᠎ᠪᠠᠷ᠂ ᠶᠡᠬᠡ ᠳᠡᠭᠡᠳᠦ ᠰᠤᠷᠭ᠋ᠠᠭᠤᠯᠢ ᠪᠠ ᠠᠶ᠋ᠢᠮᠠᠭ ᠬᠣᠲᠠ ᠲᠠᠨᠢᠯᠴᠠᠭᠤᠯᠤᠨ ᠮᠡᠳᠡᠭᠦᠯᠬᠦ᠂ ᠰᠤᠷᠭ᠋ᠠᠨ ᠬᠥᠮᠦᠵᠢᠯ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠬᠢᠨᠠᠨ ᠳᠣᠭᠲᠠᠭ᠋ᠠᠬᠤ ᠵᠡᠷᠭᠡ ᠠᠵᠢᠯ᠎ᠤᠨ ᠳᠡᠰ ᠳᠠᠷᠠᠭ᠋ᠠᠯᠠᠯ ᠵᠶ᠋ᠠᠷ ᠳᠠᠮᠵᠢᠨ᠂ ᠶᠡᠬᠡ ᠳᠡᠭᠡᠳᠦ ᠰᠤᠷᠭ᠋ᠠᠭᠤᠯᠢ ᠵᠢᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ 5᠂ ᠠᠶ᠋ᠢᠮᠠᠭ ᠬᠣᠲᠠ ᠵᠢᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ 6; ᠤᠷᠠᠯᠢᠭ᠎ᠤᠨ ᠲᠣᠭᠯᠠᠯᠲᠠ ᠵᠢᠨ ᠲᠥᠷᠥᠯ᠎ᠤᠨ ᠫᠷᠤᠭ᠌ᠷᠠᠮ᠎ᠤᠨ ᠶᠡᠬᠡ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠱᠠᠩᠨᠠᠯ 32᠂ ᠬᠣᠶᠠᠳᠤᠭ᠋ᠠᠷ ᠳᠡᠰ᠎ᠤᠨ ᠱᠠᠩᠨᠠᠯ 51᠂ ᠭᠤᠷᠪᠠᠳᠤᠭ᠋ᠠᠷ ᠳᠡᠰ᠎ᠤᠨ ᠱᠠᠩᠨᠠᠯ 79᠂ ᠳᠤᠮᠳᠠᠳᠤ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠱᠠᠩᠨᠠᠯ 71᠂ ᠬᠣᠶᠠᠳᠤᠭ᠋ᠠᠷ ᠳᠡᠰ᠎ᠤᠨ ᠱᠠᠩᠨᠠᠯ 89᠂ ᠭᠤᠷᠪᠠᠳᠤᠭ᠋ᠠᠷ ᠳᠡᠰ᠎ᠤᠨ ᠱᠠᠩᠨᠠᠯ 72; ᠫᠷᠤᠭ᠌ᠷᠠᠮ᠎ᠢ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ ᠶᠡᠬᠡ ᠳᠡᠭᠡᠳᠦ ᠰᠤᠷᠭ᠋ᠠᠭᠤᠯᠢ 15᠂ ᠳᠤᠮᠳᠠᠳᠤ ᠪᠠᠭ᠎ᠠ ᠰᠤᠷᠭ᠋ᠠᠭᠤᠯᠢ 19; ᠰᠤᠷᠤᠭᠴᠢᠳ ᠎ᠤᠨ ᠤᠷᠠᠯᠢᠭ᠎ᠤᠨ ᠪᠦᠲᠦᠭᠡᠯ᠎ᠤᠨ ᠲᠥᠷᠥᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠱᠠᠩᠨᠠᠯ 73᠂ ᠬᠣᠶᠠᠳᠤᠭ᠋ᠠᠷ ᠳᠡᠰ᠎ᠤᠨ ᠱᠠᠩᠨᠠᠯ 144᠂ ᠭᠤᠷᠪᠠᠳᠤᠭ᠋ᠠᠷ ᠳᠡᠰ᠎ᠤᠨ ᠱᠠᠩᠨᠠᠯ 206᠂ ᠰᠤᠷᠭ᠋ᠠᠭᠤᠯᠢ ᠵᠢᠨ ᠵᠠᠬᠢᠷᠤᠯ᠎ᠤᠨ ᠤᠷᠠᠨ ᠪᠢᠴᠢᠯᠭᠡ ᠤᠷᠠᠨ ᠵᠢᠷᠤᠭ ᠪᠠ ᠭᠡᠷᠡᠯ ᠵᠢᠷᠤᠭ᠎ᠤᠨ ᠪᠥᠲᠦᠭᠡᠯ᠎ᠤᠨ ᠨᠢᠭᠡᠳᠦᠭᠡᠷ ᠳᠡᠰ᠎ᠤᠨ ᠱᠠᠩᠨᠠᠯ 3᠂ ᠬᠣᠶᠠᠳᠤᠭ᠋ᠠᠷ ᠳᠡᠰ᠎ᠤᠨ ᠱᠠᠩᠨᠠᠯ 2᠂ ᠭᠤᠷᠪᠠᠳᠤᠭ᠋ᠠᠷ ᠳᠡᠰ᠎ᠤᠨ ᠱᠠᠩᠨᠠᠯ 5᠂ ᠳᠤᠮᠳᠠᠳᠤ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠱᠠᠩᠨᠠᠯ 39᠂ ᠬᠣᠶᠠᠳᠤᠭ᠋ᠠᠷ ᠳᠡᠰ᠎ᠤᠨ ᠱᠠᠩᠨᠠᠯ 53᠂ ᠭᠤᠷᠪᠠᠳᠤᠭ᠋ᠠᠷ ᠳᠡᠰ᠎ᠤᠨ ᠱᠠᠩᠨᠠᠯ 46; ᠤᠶᠤᠲᠠᠳ᠎ᠤᠨ ᠤᠷᠠᠯᠢᠭ᠎ᠤᠨ ᠦᠢ᠍ᠯᠡᠳᠦᠯᠭᠡ ᠵᠢᠨ ᠠᠵᠢᠯᠯᠠᠬᠤ ᠭᠠᠵᠠᠷ᠎ᠤᠨ ᠨᠢᠭᠡᠳᠦᠭᠡᠷ ᠳᠡᠰ᠎ᠤᠨ ᠱᠠᠩᠨᠠᠯ 2᠂ ᠬᠣᠶᠠᠳᠤᠭ᠋ᠠᠷ ᠳᠡᠰ᠎ᠤᠨ ᠱᠠᠩᠨᠠᠯ 4᠂ ᠭᠤᠷᠪᠠᠳᠤᠭ᠋ᠠᠷ ᠳᠡᠰ᠎ᠤᠨ ᠱᠠᠩᠨᠠᠯ 5; ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠨᠢᠭᠡᠳᠦᠭᠡᠷ ᠳᠡᠰ᠎ᠤᠨ ᠱᠠᠩᠨᠠᠯ 6᠂ ᠬᠣᠶᠠᠳᠤᠭ᠋ᠠᠷ ᠳᠡᠰ᠎ᠤᠨ ᠱᠠᠩᠨᠠᠯ 12᠂ ᠭᠤᠷᠪᠠᠳᠤᠭ᠋ᠠᠷ ᠳᠡᠰ᠎ᠤᠨ ᠱᠠᠩᠨᠠᠯ 18 ᠪᠤᠢ; ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠤᠨ ᠫᠷᠤᠭ᠌ᠷᠠᠮ᠂ ᠪᠦᠲᠦᠭᠡᠯ ᠪᠠ ᠠᠵᠢᠯᠯᠠᠬᠤ ᠭᠠᠵᠠᠷ᠎ᠢ ᠵᠢᠭ᠋ᠠᠨ ᠵᠢᠯᠣᠭᠣᠳᠤᠭᠰᠠᠨ ᠪᠠᠭᠰᠢ ᠵᠢᠭ᠋ᠠᠨ ᠵᠢᠯᠣᠭᠣᠳᠤᠭᠰᠠᠨ ᠪᠠᠭᠰᠢ ᠵᠢᠨ ᠱᠠᠩᠨᠠᠯ᠎ᠢ ᠬᠦᠷᠲᠡᠪᠡ᠃ ᠡᠳᠦᠭᠡ ᠰᠢᠯᠭ᠋ᠠᠷᠠᠭᠤᠯᠤᠭᠰᠠᠨ ᠦᠷ᠎ᠡ ᠳ᠋ᠦᠩ᠎ᠢ ᠨᠡᠢ᠌ᠲᠡᠯᠡᠪᠡ (ᠳᠠᠭ᠋ᠠᠯᠳᠤᠭᠤᠯᠤᠯ᠎ᠳᠤ ᠨᠠᠷᠢᠯᠢᠭ ᠦᠵᠡᠭᠡᠷᠡᠢ)᠃
      ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠰᠠᠨᠠᠯ》 ᠵᠶ᠋ᠠᠷ ᠵᠢᠯᠣᠭᠣᠳᠣᠯᠭ᠎ᠠ ᠪᠣᠯᠭ᠋ᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯᠠᠭᠤᠯᠤᠯᠲᠠ ᠵᠢ ᠪᠠᠶ᠋ᠢᠭᠤᠯᠤᠨ᠂ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠥᠷᠲᠡᠭ᠎ᠤᠨ ᠪᠠᠶ᠋ᠢᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠦᠨ ᠪᠦᠬᠦᠨ᠎ᠳᠤ ᠬᠠᠨᠳᠤᠭᠤᠯᠤᠭᠰᠠᠨ ᠤᠷᠠᠯᠢᠭ᠎ᠤᠨ ᠪᠠᠢ᠌ᠩᠭᠤ ᠵᠢᠨ ᠦᠵᠡᠭᠦᠯᠭᠡ ᠵᠢᠨ ᠲᠣᠭᠲᠠᠴᠠ ᠵᠢ ᠪᠠᠶ᠋ᠢᠭᠤᠯᠤᠨ᠂ ᠲᠤᠷᠰᠢᠯᠭ᠎ᠠ᠎ᠪᠠᠨ ᠤᠯᠠᠮ ᠨᠢᠭᠡ ᠠᠯᠬᠤᠮ ᠳ᠋ᠦᠩᠨᠡᠵᠦ᠂ ᠵᠠᠮ ᠨᠡᠭᠡᠭᠡᠨ ᠰᠢᠨ᠎ᠡ ᠵᠢ ᠡᠭᠦᠳᠴᠦ᠂ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠥᠭᠡᠷᠡᠴᠢᠯᠡᠯᠲᠡ ᠪᠣᠯᠤᠨ ᠬᠥᠭᠵᠢᠯᠲᠡ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠵᠢ ᠬᠦᠰᠡᠵᠦ ᠪᠠᠶ᠋ᠢᠨ᠎ᠠ᠃
   
      ᠳᠠᠭ᠋ᠠᠯᠳᠤᠭᠤᠯᠤᠯ᠄
      1. ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ᠎ᠤᠨ ᠨᠡᠷᠡᠰ
      2 . ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠲᠣᠭᠯᠠᠯᠲᠠ ᠵᠢᠨ ᠲᠥᠷᠥᠯ᠎ᠤᠨ ᠲᠣᠭᠯᠠᠯᠲᠠ ᠵᠢᠨ ᠱᠠᠩᠨᠠᠯ ᠭᠦᠷᠲᠡᠭᠰᠡᠳ᠎ᠤᠨ ᠨᠡᠷᠡᠰ
      3 . ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠰᠢᠯᠢᠳᠡᠭ ᠡᠭᠦᠳᠦᠯᠲᠡ ᠵᠢᠨ ᠱᠠᠩᠨᠠᠯ ᠭᠦᠷᠲᠡᠭᠰᠡᠳ᠎ᠤᠨ ᠨᠡᠷᠡᠰ
      4 . ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠦᠢ᠍ᠯᠡᠳᠦᠯᠭᠡ ᠵᠢᠨ  ᠠᠵᠢᠯᠯᠠᠬᠤ ᠭᠠᠵᠠᠷ᠎ᠤᠨ ᠱᠠᠩᠨᠠᠯ ᠭᠦᠷᠲᠡᠭᠰᠡᠳ᠎ᠤᠨ ᠨᠡᠷᠡᠰ
      5 . ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠪᠦᠲᠦᠭᠡᠯ᠎ᠤᠨ ᠱᠠᠩᠨᠠᠯ ᠭᠦᠷᠲᠡᠭᠰᠡᠳ᠎ᠤᠨ ᠨᠡᠷᠡᠰ
      6 . ᠪᠤᠢ᠍ᠭᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠰᠤᠷᠭ᠋ᠠᠭᠤᠯᠢ ᠵᠢᠨ ᠵᠠᠬᠢᠷᠤᠯ᠎ᠤᠨ  ᠢᠷᠠᠭᠤ ᠠᠯᠳᠠᠷ᠎ᠤᠨ ᠱᠠᠩᠨᠠᠯ ᠭᠦᠷᠲᠡᠭᠰᠡᠳ᠎ᠤᠨ ᠨᠡᠷᠡᠰ
      7 . ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠱᠠᠩᠨᠠᠯ ᠭᠦᠷᠲᠡᠭᠰᠡᠳ᠎ᠤᠨ ᠨᠡᠷᠡᠰ
      8 . ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠲᠣᠭᠯᠠᠯᠲᠠ ᠵᠢᠨ ᠲᠥᠷᠥᠯ᠎ᠤᠨ  ᠫᠷᠤᠭ᠌ᠷᠠᠮ᠎ᠤᠨ ᠱᠠᠩᠨᠠᠯ ᠭᠦᠷᠲᠡᠭᠰᠡᠳ᠎ᠤᠨ ᠨᠡᠷᠡᠰ
      9 . ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠲᠣᠭᠯᠠᠯᠲᠠ ᠵᠢᠨ ᠰᠢᠯᠢᠳᠡᠭ ᠡᠭᠦᠳᠦᠯᠲᠡ ᠵᠢᠨ ᠱᠠᠩᠨᠠᠯ ᠭᠦᠷᠲᠡᠭᠰᠡᠳ᠎ᠤᠨ ᠨᠡᠷᠡᠰ
      10 . ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠵᠢᠨ ᠤᠷᠠᠯᠢᠭ᠎ᠤᠨ ᠪᠦᠲᠦᠭᠡᠯ᠎ᠤᠨ ᠱᠠᠩᠨᠠᠯ ᠭᠦᠷᠲᠡᠭᠰᠡᠳ᠎ᠤᠨ ᠨᠡᠷᠡᠰ


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                      2023 ᠣᠨ᠎ᠤ 11 ᠰᠠᠷ᠎ᠠ ᠵᠢᠨ 21᠎ᠤ ᠡᠳᠦᠷ


   

ᠳᠠᠭ᠋ᠠᠯᠳᠤᠭᠤᠯᠤᠯ 1᠄ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ᠎ᠤᠨ ᠨᠡᠷᠡᠰ .docx
ᠳᠠᠭ᠋ᠠᠯᠳᠤᠭᠤᠯᠤᠯ 2᠄ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠲᠣᠭᠯᠠᠯᠲᠠ ᠵᠢᠨ ᠲᠥᠷᠥᠯ᠎ᠤᠨ ᠲᠣᠭᠯᠠᠯᠲᠠ ᠵᠢᠨ ᠱᠠᠩᠨᠠᠯ ᠭᠦᠷᠲᠡᠭᠰᠡᠳ᠎ᠤᠨ ᠨᠡᠷᠡᠰ .docx
ᠳᠠᠭ᠋ᠠᠯᠳᠤᠭᠤᠯᠤᠯ 3᠄ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠰᠢᠯᠢᠳᠡᠭ ᠡᠭᠦᠳᠦᠯᠲᠡ ᠵᠢᠨ ᠱᠠᠩᠨᠠᠯ ᠭᠦᠷᠲᠡᠭᠰᠡᠳ᠎ᠤᠨ ᠨᠡᠷᠡᠰ .docx
ᠳᠠᠭ᠋ᠠᠯᠳᠤᠭᠤᠯᠤᠯ 4᠄ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠦᠢ᠍ᠯᠡᠳᠦᠯᠭᠡ ᠵᠢᠨ ᠠᠵᠢᠯᠯᠠᠬᠤ ᠭᠠᠵᠠᠷ᠎ᠤᠨ ᠱᠠᠩᠨᠠᠯ  ᠭᠦᠷᠲᠡᠭᠰᠡᠳ᠎ᠤᠨ ᠨᠡᠷᠡᠰ .docx
ᠳᠠᠭ᠋ᠠᠯᠳᠤᠭᠤᠯᠤᠯ 5᠄ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠪᠦᠲᠦᠭᠡᠯ᠎ᠤᠨ ᠱᠠᠩᠨᠠᠯ ᠭᠦᠷᠲᠡᠭᠰᠡᠳ᠎ᠤᠨ ᠨᠡᠷᠡᠰ.docx
ᠳᠠᠭ᠋ᠠᠯᠳᠤᠭᠤᠯᠤᠯ 6᠄ ᠪᠤᠢ᠍ᠭᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠰᠤᠷᠭ᠋ᠠᠭᠤᠯᠢ ᠵᠢᠨ ᠵᠠᠬᠢᠷᠤᠯ᠎ᠤᠨ ᠢᠷᠠᠭᠤ ᠠᠯᠳᠠᠷ᠎ᠤᠨ ᠱᠠᠩᠨᠠᠯ ᠭᠦᠷᠲᠡᠭᠰᠡᠳ᠎ᠤᠨ ᠨᠡᠷᠡᠰ.docx
ᠳᠠᠭ᠋ᠠᠯᠳᠤᠭᠤᠯᠤᠯ 7᠄ ᠪᠦᠬᠦ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ ᠎ᠤ ᠬᠥᠮᠦᠵᠢᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠱᠠᠩᠨᠠᠯ ᠭᠦᠷᠲᠡᠭᠰᠡᠳ᠎ᠤᠨ ᠨᠡᠷᠡᠰ.docx
ᠳᠠᠭ᠋ᠠᠯᠳᠤᠭᠤᠯᠤᠯ 8᠄ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠤᠷᠠᠯᠢᠭ᠎ᠤᠨ ᠲᠣᠭᠯᠠᠯᠲᠠ ᠵᠢᠨ ᠲᠥᠷᠥᠯ᠎ᠤᠨ ᠫᠷᠤᠭ᠌ᠷᠠᠮ᠎ᠤᠨ ᠱᠠᠩᠨᠠᠯ ᠭᠦᠷᠲᠡᠭᠰᠡᠳ᠎ᠤᠨ ᠨᠡᠷᠡᠰ.docx
ᠳᠠᠭ᠋ᠠᠯᠳᠤᠭᠤᠯᠤᠯ 9᠄ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠠᠵᠢᠯᠯᠠᠭ᠎ᠠ ᠵᠢᠨ ᠲᠣᠭᠯᠠᠯᠲᠠ ᠵᠢᠨ ᠰᠢᠯᠢᠳᠡᠭ ᠡᠭᠦᠳᠦᠯᠲᠡ ᠵᠢᠨ ᠱᠠᠩᠨᠠᠯ ᠭᠦᠷᠲᠡᠭᠰᠡᠳ᠎ᠤᠨ ᠨᠡᠷᠡᠰ.docx
ᠳᠠᠭ᠋ᠠᠯᠳᠤᠭᠤᠯᠤᠯ 10᠄ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠢ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠵᠢᠨ ᠤᠷᠠᠯᠢᠭ᠎ᠤᠨ ᠪᠦᠲᠦᠭᠡᠯ᠎ᠤᠨ ᠱᠠᠩᠨᠠᠯ ᠭᠦᠷᠲᠡᠭᠰᠡᠳ᠎ᠤᠨ ᠨᠡᠷᠡᠰ.docx


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号