ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠷᠬᠢᠯᠡᠨ ᠪᠠᠢ᠌ᠭᠤᠯᠤᠭᠴᠢ ᠵᠢ ᠬᠤᠪᠢᠷᠠᠭᠤᠯᠬᠤ ᠲᠤᠬᠠᠢ ᠢᠯᠡ ᠨᠡᠢ᠌ᠲᠡᠯᠡᠯ
ᠨᠡᠶ᠋ᠢᠲᠡᠯᠡᠭᠰᠡᠨ ᠴᠠᠭ᠄ 2023-12-27

      《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》 ᠵᠢᠴᠢ ᠬᠡᠷᠡᠭᠵᠢᠭᠦᠯᠬᠦ ᠳᠦᠷᠢᠮ ᠵᠡᠷᠭᠡ ᠲᠣᠭᠲᠠᠭ᠋ᠠᠯ᠎ᠢ ᠦᠨᠳᠦᠰᠦᠯᠡᠨ᠂ ᠰᠤᠷᠭ᠋ᠠᠭᠤᠯᠢ᠎ᠠᠴᠠ ᠭᠤᠶᠤᠴᠢᠯᠠᠬᠤ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠰᠢᠨᠵᠢᠯᠡᠨ ᠪᠠᠢ᠌ᠴᠠᠭ᠋ᠠᠬᠤ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠰᠣᠳᠤᠯᠬᠤ᠎ᠪᠠᠷ ᠳᠠᠮᠵᠢᠨ᠂ ᠥᠪᠥᠷ ᠮᠣᠩᠭᠣᠯ᠎ᠤᠨ ᠡᠨᠧᠷᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠷᠭᠢᠯᠡᠨ ᠪᠠᠶ᠋ᠢᠭᠤᠯᠤᠭᠴᠢ ᠵᠣᠣ ᠰᠢᠶᠣᠤ ᠹᠧᠩ᠎ᠢ ᠣᠷᠳᠣᠰ᠎ᠤᠨ ᠰᠢ ᠸᠠᠩ ᠬᠤᠸᠠ ᠦ᠋ ᠰᠤᠷᠭ᠋ᠠᠨ ᠬᠥᠮᠦᠵᠢᠯ᠎ᠤᠨ ᠬᠤᠪᠢ ᠡᠵᠡᠮᠳᠡᠭᠰᠡᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠭ᠋ᠠᠨ ᠬᠤᠪᠢᠷᠠᠭᠤᠯᠬᠤ ᠵᠢ ᠵᠥᠪᠰᠢᠶᠡᠷᠡᠬᠦ᠎ᠪᠠᠷ ᠲᠥᠯᠥᠪᠯᠡᠵᠦ ᠪᠤᠢ᠂ ᠡᠳᠦᠭᠡ ᠢᠯᠡ ᠨᠡᠢ᠌ᠲᠡᠯᠡᠪᠡ᠃
      ᠢᠯᠡ ᠨᠡᠶ᠋ᠢᠲᠡᠯᠡᠬᠦ ᠴᠠᠭ 2023 ᠣᠨ᠎ᠤ 12 ᠰᠠᠷ᠎ᠠ ᠵᠢᠨ 25 - 12 ᠰᠠᠷ᠎ᠠ ᠵᠢᠨ 31᠎ᠤ ᠡᠳᠦᠷ᠃
      ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠬᠡᠷᠪᠡ ᠰᠠᠨᠠᠯ᠎ᠲᠠᠢ ᠪᠣᠯ᠂ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠳᠤᠷᠠᠳᠤᠭ᠋ᠠᠷᠠᠢ᠃ ᠨᠢᠭᠡᠴᠢ ᠵᠢᠨ ᠨᠡᠷ᠎ᠡ᠎ᠪᠠᠷ ᠰᠠᠨᠠᠯ ᠳᠤᠷᠠᠳᠤᠭᠰᠠᠨ ᠪᠣᠯ᠂ ᠡᠷᠬᠡᠪᠰᠢ ᠪᠢᠴᠢᠭ᠎ᠤᠨ ᠬᠡᠯᠪᠡᠷᠢ ᠵᠢᠨ ᠰᠠᠨᠠᠯ ᠳᠤᠷᠠᠳᠤᠭᠰᠠᠨ ᠮᠠᠲ᠋ᠧᠷᠢᠶᠠᠯ ᠳᠡᠭᠡᠷ᠎ᠡ ᠲᠤᠰ ᠨᠢᠭᠡᠴᠢ ᠵᠢᠨ ᠵᠶ᠋ᠠᠨ ᠠᠯᠪᠠᠨ ᠲᠠᠮᠠᠭ᠎ᠠ ᠵᠢ ᠳᠠᠷᠤᠬᠤ ᠵᠢᠨ ᠬᠠᠮᠲᠤ ᠬᠠᠷᠢᠯᠴᠠᠬᠤ ᠬᠥᠮᠦᠨ᠎ᠤ ᠣᠪᠣᠭ ᠨᠡᠷ᠎ᠡ᠂ ᠬᠠᠶᠢᠭ ᠪᠠ ᠤᠲᠠᠰᠤ ᠵᠢ ᠲᠣᠳᠣᠷᠬᠠᠢ ᠪᠢᠴᠢᠬᠦ ᠬᠡᠷᠡᠭᠲᠡᠢ᠃ ᠬᠤᠪᠢ ᠬᠥᠮᠦᠨ ᠰᠠᠨᠠᠯ ᠳᠤᠷᠠᠳᠤᠭᠰᠠᠨ ᠪᠣᠯ᠂ ᠡᠷᠬᠡᠪᠰᠢ ᠦᠨᠡᠨ ᠪᠣᠳᠠᠲᠠᠢ ᠣᠪᠣᠭ ᠨᠡᠷ᠎ᠡ᠎ᠪᠠᠷ ᠭᠠᠷ᠎ᠤᠨ ᠦᠰᠦᠭ ᠵᠢᠷᠤᠬᠤ ᠬᠡᠷᠡᠭᠲᠡᠢ ᠪᠥᠭᠡᠳ ᠲᠤᠰ ᠬᠥᠮᠦᠨ᠎ᠤ ᠪᠡᠶ᠎ᠡ ᠵᠢᠨ ᠦᠨᠡᠮᠯᠡᠯ᠎ᠤᠨ ᠨᠣᠮᠧᠷ᠂ ᠠᠵᠢᠯᠯᠠᠵᠤ ᠪᠠᠶ᠋ᠢᠭ᠎ᠠ ᠨᠢᠭᠡᠴᠢ᠂ ᠬᠠᠶᠢᠭ ᠪᠠ ᠤᠲᠠᠰᠤ᠎ᠪᠠᠨ ᠲᠣᠳᠣᠷᠬᠠᠢ ᠪᠢᠴᠢᠬᠦ           ᠬᠡᠷᠡᠭᠲᠡᠢ᠃ ᠪᠢᠳᠡ ᠰᠠᠨᠠᠯ ᠳᠤᠷᠠᠳᠤᠭᠰᠠᠨ ᠨᠢᠭᠡᠴᠢ ᠪᠣᠯᠤᠨ ᠬᠤᠪᠢ ᠬᠥᠮᠦᠨ᠎ᠤ ᠨᠢᠭᠤᠴᠠ ᠵᠢ ᠴᠢᠩᠭ᠎ᠠ           ᠬᠠᠮᠠᠭ᠋ᠠᠯᠠᠨ᠎ᠠ᠃ ᠨᠡᠷ᠎ᠡ᠎ᠪᠠᠨ ᠪᠤᠷᠤᠭᠤᠯᠠᠭᠰᠠᠨ ᠪᠠ ᠬᠤᠭᠤᠴᠠᠭ᠎ᠠ ᠬᠡᠲᠦᠷᠡᠭᠰᠡᠨ ᠰᠠᠨᠠᠯ᠎ᠢ ᠬᠦᠯᠢᠶᠡᠨ ᠠᠪᠴᠤ ᠰᠢᠢ᠍ᠳᠪᠦᠷᠢᠯᠡᠬᠦ  ᠦᠭᠡᠢ᠃
      ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠥᠭᠵᠢᠭᠦᠯᠦᠯᠲᠡ ᠲᠥᠯᠥᠪᠵᠢᠭᠦᠯᠭᠡ ᠵᠢᠨ ᠭᠠᠵᠠᠷ
      ᠰᠢᠤᠳᠠᠨ ᠨᠣᠮᠧᠷ᠄ 010010
      ᠬᠠᠷᠢᠯᠴᠠᠬᠤ ᠤᠲᠠᠰᠤ᠄ 0471 - 2856807
      ᠹᠠᠺᠰ᠄ 0471 - 2856723
      ᠢᠮᠧᠯ᠄ nmgjytfzghc@126.com

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭ᠋ᠠᠭᠤᠯᠢ᠂ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠢ᠌ᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠤᠨ ᠲᠤᠬᠠᠢ ᠠᠯᠪᠠᠨ ᠨᠡᠶ᠋ᠢᠲᠡᠯᠡᠯ
2023 ᠣᠨ᠎ᠤ ᠬᠥᠳᠡᠭᠡ ᠲᠣᠰᠬᠣᠨ᠎ᠤ ᠰᠢᠯᠢᠳᠡᠭ ᠵᠠᠯᠠᠭᠤ ᠪᠠᠭᠰᠢ ᠵᠢ ᠬᠥᠮᠦᠵᠢᠭᠦᠯᠵᠦ ᠱᠠᠩᠨᠠᠬᠤ ᠲᠥᠯᠥᠪᠯᠡᠭᠡ᠎ᠳᠤ ᠲᠠᠨᠢᠯᠴᠠᠭᠤᠯᠬᠤ᠎ᠪᠠᠷ ᠪᠠᠶ᠋ᠢᠭ᠎ᠠ ᠪᠠᠭᠰᠢ ᠵᠢᠨ ᠨᠡᠷᠡᠰ᠎ᠤᠨ ᠢᠯᠡ ᠨᠡᠢ᠌ᠲᠡᠯᠡᠯ
《ᠪᠦᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠲᠤᠷᠰᠢᠯᠲᠠ ᠵᠢᠨ ᠲᠣᠭᠣᠷᠢᠭ᠂ ᠲᠤᠷᠰᠢᠯᠲᠠ ᠵᠢᠨ ᠰᠤᠷᠭ᠋ᠠᠭᠤᠯᠢ》᠎ᠪᠠᠷ ᠲᠠᠨᠢᠯᠴᠠᠭᠤᠯᠬᠤ᠎ᠪᠠᠷ ᠪᠠᠶ᠋ᠢᠭ᠎ᠠ ᠨᠡᠷᠡᠰ᠎ᠤᠨ ᠵᠢᠭᠰᠠᠭ᠋ᠠᠯᠲᠠ ᠵᠢ ᠢᠯᠡ ᠨᠡᠶ᠋ᠢᠲᠡᠯᠡᠬᠦ ᠲᠤᠬᠠᠢ ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠱᠠᠩᠨᠠᠯ ᠣᠯᠣᠭᠰᠠᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠭᠤᠷᠪᠠᠳᠤᠭ᠋ᠠᠷ ᠪᠦᠯᠦᠭ᠎ᠤᠨ ᠤᠯᠤᠰ᠎ᠤᠨ ᠳᠡᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠬᠢᠴᠢᠶᠡᠯ᠎ᠢ ᠲᠠᠨᠢᠯᠴᠠᠭᠤᠯᠤᠨ ᠮᠡᠳᠡᠭᠦᠯᠬᠦ ᠨᠡᠷᠡᠰ᠎ᠤᠨ ᠲᠤᠬᠠᠢ ᠢᠯᠡ ᠨᠡᠢ᠌ᠲᠡᠯᠡᠯ
 
             蒙ICP备05000248号