ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭ᠋ᠠᠭᠤᠯᠢ᠂ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠢ᠌ᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠤᠨ ᠲᠤᠬᠠᠢ ᠠᠯᠪᠠᠨ ᠨᠡᠶ᠋ᠢᠲᠡᠯᠡᠯ
ᠨᠡᠶ᠋ᠢᠲᠡᠯᠡᠭᠰᠡᠨ ᠴᠠᠭ᠄ 2023-12-28

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭ᠋ᠠᠭᠤᠯᠢ ᠪᠠ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠢ᠌ᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠢ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠦᠨᠳᠦᠰᠦᠯᠡᠨ᠂ ᠶᠡᠬᠡ ᠳᠡᠭᠡᠳᠦ ᠰᠤᠷᠭ᠋ᠠᠭᠤᠯᠢ ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭ᠋ᠠᠬᠤ᠂ ᠬᠤᠷᠠᠯ ᠵᠶ᠋ᠠᠷ ᠰᠤᠳᠤᠯᠬᠤ᠎ᠪᠠᠷ ᠳᠠᠮᠵᠢᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠣᠳᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ (ᠬᠣᠶᠠᠳᠤᠭ᠋ᠠᠷ           ᠪᠦᠯᠦᠭ)᠂ ᠲᠤᠰᠬᠠᠢ ᠮᠡᠷᠭᠡᠵᠢᠯ᠎ᠤᠨ ᠣᠨᠴᠠᠯᠢᠭᠲᠤ ᠳᠡᠭᠡᠳᠦ ᠰᠤᠷᠭ᠋ᠠᠭᠤᠯᠢ᠂ ᠢᠷᠡᠭᠡᠳᠦᠢ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠤᠨ ᠨᠡᠷᠡᠰ᠎ᠢ ᠢᠯᠡ ᠨᠡᠶ᠋ᠢᠲᠡᠯᠡᠪᠡ᠃ ᠢᠯᠡ ᠨᠡᠶ᠋ᠢᠲᠡᠯᠡᠬᠦ ᠬᠤᠭᠤᠴᠠᠭ᠎ᠠ 2023 ᠣᠨ᠎ᠤ 12 ᠰᠠᠷ᠎ᠠ ᠵᠢᠨ 25-12 ᠰᠠᠷ᠎ᠠ ᠵᠢᠨ 29᠎ᠤ ᠡᠳᠦᠷ ᠪᠣᠯᠤᠨ᠎ᠠ᠃
      ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠰᠠᠨᠠᠯ᠎ᠲᠠᠢ ᠪᠣᠯ᠂ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠪᠠᠶ᠋ᠢᠳᠠᠯ᠎ᠢ ᠲᠤᠰᠬᠠᠬᠤ  ᠵᠢᠨ ᠬᠠᠮᠲᠤ ᠴᠢᠬᠤᠯᠠ ᠪᠦᠬᠦᠢ ᠭᠡᠷᠡᠴᠢ ᠪᠠᠷᠢᠮᠲᠠ ᠪᠣᠯᠬᠤ ᠮᠠᠲ᠋ᠧᠷᠢᠶᠠᠯ᠎ᠢ ᠬᠠᠩᠭ᠋ᠠᠵᠤ᠂ ᠬᠢᠨᠠᠨ ᠪᠠᠶ᠋ᠢᠴᠠᠭ᠋ᠠᠬᠤ᠎ᠳᠤ ᠳᠥᠭᠥᠮ ᠦᠵᠡᠭᠦᠯᠬᠦ ᠪᠣᠯᠪᠠᠤ᠃ ᠨᠢᠭᠡᠴᠢ ᠵᠢᠨ ᠨᠡᠷ᠎ᠡ᠎ᠪᠠᠷ ᠲᠤᠰᠬᠠᠭᠰᠠᠨ ᠪᠣᠯ᠂ ᠨᠢᠭᠡᠴᠢ ᠵᠢᠨ ᠬᠠᠷᠢᠯᠴᠠᠬᠤ ᠬᠥᠮᠦᠨ᠎ᠤ ᠣᠪᠣᠭ ᠨᠡᠷ᠎ᠡ᠂ ᠬᠠᠷᠢᠯᠴᠠᠬᠤ ᠤᠲᠠᠰᠤ ᠵᠢ ᠬᠠᠩᠭ᠋ᠠᠬᠤ ᠵᠢᠨ ᠬᠠᠮᠲᠤ ᠲᠤᠰ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ; ᠬᠤᠪᠢ ᠬᠥᠮᠦᠨ᠎ᠤ ᠨᠡᠷ᠎ᠡ᠎ᠪᠠᠷ ᠲᠤᠰᠬᠠᠭᠰᠠᠨ ᠪᠣᠯ᠂ ᠦᠨᠡᠨ ᠪᠣᠳᠠᠲᠠᠢ ᠣᠪᠣᠭ ᠨᠡᠷ᠎ᠡ᠎ᠪᠠᠨ ᠪᠢᠴᠢᠬᠦ ᠵᠢᠨ ᠬᠠᠮᠲᠤ ᠪᠡᠶ᠎ᠡ ᠵᠢᠨ ᠦᠨᠡᠮᠯᠡᠯ᠎ᠤᠨ ᠨᠣᠮᠧᠷ᠂ ᠠᠵᠢᠯᠯᠠᠵᠤ ᠪᠠᠶ᠋ᠢᠭ᠎ᠠ ᠨᠢᠭᠡᠴᠢ ᠪᠠ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠢ᠃ ᠪᠠᠶ᠋ᠢᠳᠠᠯ᠎ᠢ ᠲᠤᠰᠬᠠᠭᠰᠠᠨ ᠮᠠᠲ᠋ᠧᠷᠢᠶᠠᠯ᠎ᠢ 2023 ᠣᠨ ᠎ᠤ 12 ᠰᠠᠷ᠎ᠠ ᠵᠢᠨ 29᠎ᠤ ᠡᠳᠦᠷ᠎ᠤᠨ 17᠄ 30᠎ᠠᠴᠠ ᠡᠮᠦᠨ᠎ᠡ ᠢᠮᠧᠯ᠄ nmggjc@163.com᠎ᠳᠤ ᠢᠯᠡᠭᠡᠭᠡᠷᠡᠢ᠃ ᠬᠤᠭᠤᠴᠠᠭ᠎ᠠ ᠥᠩᠭᠡᠷᠡᠭᠰᠡᠨ ᠪᠤᠶᠤ ᠨᠡᠷ᠎ᠡ ᠪᠤᠷᠤᠭᠤᠯᠠᠭᠰᠠᠨ ᠲᠤᠰᠬᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
      ᠬᠠᠷᠢᠯᠴᠠᠬᠤ ᠬᠥᠮᠦᠨ᠄ ᠯᠠᠩ ᠾᠦᠢ ᠽᠧ  ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠭᠠᠵᠠᠷ


      ᠳᠠᠭ᠋ᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭ᠋ᠠᠭᠤᠯᠢ᠂ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠤᠨ ᠨᠡᠷᠡᠰ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                2023 ᠣᠨ᠎ᠤ 12 ᠰᠠᠷ᠎ᠠ ᠵᠢᠨ 25᠎ᠤ ᠡᠳᠦᠷ


ᠳᠠᠭ᠋ᠠᠯᠳᠤᠭᠤᠯᠤᠯ 1᠄ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭ᠋ᠠᠭᠤᠯᠢ᠂ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠤᠨ ᠨᠡᠷᠡᠰ.doc

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2023 ᠣᠨ᠎ᠤ ᠬᠥᠳᠡᠭᠡ ᠲᠣᠰᠬᠣᠨ᠎ᠤ ᠰᠢᠯᠢᠳᠡᠭ ᠵᠠᠯᠠᠭᠤ ᠪᠠᠭᠰᠢ ᠵᠢ ᠬᠥᠮᠦᠵᠢᠭᠦᠯᠵᠦ ᠱᠠᠩᠨᠠᠬᠤ ᠲᠥᠯᠥᠪᠯᠡᠭᠡ᠎ᠳᠤ ᠲᠠᠨᠢᠯᠴᠠᠭᠤᠯᠬᠤ᠎ᠪᠠᠷ ᠪᠠᠶ᠋ᠢᠭ᠎ᠠ ᠪᠠᠭᠰᠢ ᠵᠢᠨ ᠨᠡᠷᠡᠰ᠎ᠤᠨ ᠢᠯᠡ ᠨᠡᠢ᠌ᠲᠡᠯᠡᠯ
《ᠪᠦᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠲᠤᠷᠰᠢᠯᠲᠠ ᠵᠢᠨ ᠲᠣᠭᠣᠷᠢᠭ᠂ ᠲᠤᠷᠰᠢᠯᠲᠠ ᠵᠢᠨ ᠰᠤᠷᠭ᠋ᠠᠭᠤᠯᠢ》᠎ᠪᠠᠷ ᠲᠠᠨᠢᠯᠴᠠᠭᠤᠯᠬᠤ᠎ᠪᠠᠷ ᠪᠠᠶ᠋ᠢᠭ᠎ᠠ ᠨᠡᠷᠡᠰ᠎ᠤᠨ ᠵᠢᠭᠰᠠᠭ᠋ᠠᠯᠲᠠ ᠵᠢ ᠢᠯᠡ ᠨᠡᠶ᠋ᠢᠲᠡᠯᠡᠬᠦ ᠲᠤᠬᠠᠢ ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠱᠠᠩᠨᠠᠯ ᠣᠯᠣᠭᠰᠠᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠭᠤᠷᠪᠠᠳᠤᠭ᠋ᠠᠷ ᠪᠦᠯᠦᠭ᠎ᠤᠨ ᠤᠯᠤᠰ᠎ᠤᠨ ᠳᠡᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠬᠢᠴᠢᠶᠡᠯ᠎ᠢ ᠲᠠᠨᠢᠯᠴᠠᠭᠤᠯᠤᠨ ᠮᠡᠳᠡᠭᠦᠯᠬᠦ ᠨᠡᠷᠡᠰ᠎ᠤᠨ ᠲᠤᠬᠠᠢ ᠢᠯᠡ ᠨᠡᠢ᠌ᠲᠡᠯᠡᠯ
2024 ᠣᠨ᠎ᠤ ᠤᠯᠤᠰ᠎ᠤᠨ ᠳᠡᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠠᠨᠢᠯᠴᠠᠭᠤᠯᠬᠤ᠎ᠪᠠᠷ ᠪᠠᠢ᠌ᠭ᠎ᠠ ᠤᠷ᠎ᠠ ᠴᠢᠳᠠᠪᠤᠷᠢᠲᠤ ᠪᠠᠭᠰᠢ ᠵᠢᠨ ᠠᠵᠢᠯᠯᠠᠬᠤ ᠲᠠᠰᠤᠭ᠎ᠢ ᠪᠠᠢ᠌ᠭᠤᠯᠬᠤ ᠲᠥᠷᠥᠯ ᠵᠦᠢ᠍ᠯ᠎ᠤᠨ ᠨᠡᠷᠡᠰ᠎ᠤᠨ ᠲᠤᠬᠠᠢ ᠢᠯᠡ ᠨᠡᠢ᠌ᠲᠡᠯᠡᠯ
 
             蒙ICP备05000248号