ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ ᠳᠡᠰ᠎ᠤᠨ ᠴᠢᠳᠠᠪᠤᠷᠢᠲᠠᠨ᠎ᠢ ᠢᠯᠡ ᠨᠡᠶ᠋ᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-10-11

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 〈ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ᠎ᠢ ᠨᠡᠶ᠋ᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂ ᠪᠠᠶ᠋ᠢᠴᠠᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠬᠢᠬᠦ ᠵᠡᠷᠭᠡ ᠳᠡᠰ ᠳᠠᠷᠠᠭ᠋ᠠᠯᠠᠯ ᠵᠶ᠋ᠠᠷ ᠳᠠᠮᠵᠢᠨ᠂ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ 1 ᠬᠥᠮᠦᠨ ᠣᠷᠣᠪᠠ᠂ ᠣᠳᠣ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ ᠳᠡᠰ᠎ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠨᠢᠭᠡᠴᠢ ᠵᠢ ᠢᠯᠡ ᠨᠡᠶ᠋ᠢᠲᠡᠯᠡᠪᠡ᠃
       ᠨᠢᠭᠡ᠂ ᠢᠯᠡ ᠨᠡᠶ᠋ᠢᠲᠡᠯᠡᠬᠦ ᠡᠲᠡᠭᠡᠳ
       ᠪᠣᠤ ᠰᠢᠨ ᠢᠦᠢ᠂ ᠡᠷᠡᠭᠲᠡᠢ᠂ 1994 ᠣᠨ᠎ᠤ 4 ᠰᠠᠷ᠎ᠠ᠎ᠳᠤ ᠲᠦᠷᠦᠵᠠᠢ᠂ ᠳ᠋ᠣᠺᠲ᠋ᠣᠷ (ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠪᠣᠯᠤᠨ ᠢᠨᠵᠧᠨᠧᠷᠢᠩ᠎ᠤᠨ ᠳ᠋ᠣᠺᠲ᠋ᠣᠷ)᠂ ᠤᠷᠢᠬᠤ᠎ᠪᠠᠷ ᠲᠥᠯᠥᠪᠯᠡᠵᠦ ᠪᠠᠶ᠋ᠢᠭ᠎ᠠ ᠨᠢᠭᠡᠴᠢ᠄ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠄ ᠤᠷᠢᠬᠤ ᠠᠵᠢᠯ᠎ᠤᠨ ᠪᠠᠶ᠋ᠢᠷᠢ᠄ ᠡᠨᠧᠷᠭᠢ ᠪᠣᠯᠤᠨ ᠮᠠᠲ᠋ᠧᠷᠢᠶᠠᠯ᠎ᠤᠨ ᠢᠨᠵᠧᠨᠧᠷᠢᠩ᠎ᠤᠨ ᠰᠠᠯᠪᠤᠷᠢ᠃
      ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
      2024 ᠣᠨ᠎ᠤ 10 ᠰᠠᠷ᠎ᠠ ᠵᠢᠨ 10 - 2024 ᠣᠨ᠎ᠤ 10 ᠰᠠᠷ᠎ᠠ ᠵᠢᠨ 15᠎ᠤ ᠡᠳᠦᠷ
      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
      ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠭᠰᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ᠎ᠲᠤ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠬᠤᠪᠢ ᠬᠥᠮᠦᠨ ᠲᠤᠰᠬᠠᠪᠠᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ ᠵᠢᠨ ᠡᠮᠦᠨ᠎ᠡ 9᠄ 00 - 12᠄ 00᠂
      ᠦᠳᠡ ᠵᠢᠨ ᠬᠣᠶ᠋ᠢᠨ᠎ᠠ 14᠄ 30 - 17᠄ 00
      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 - 5279029 (ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠠᠪᠤᠳᠠᠯ᠎ᠤᠨ ᠭᠠᠵᠠᠷ)


      ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
             2024 ᠣᠨ᠎ᠤ 10 ᠰᠠᠷ᠎ᠠ ᠵᠢᠨ 10᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号