ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠵᠢᠨ ᠦᠨᠳᠦᠰᠦᠨ ᠪᠣᠯᠪᠠᠰᠤᠷᠠᠯ᠎ᠤᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-11-26

        ᠥᠪᠥᠷ ᠰᠤᠷᠭ᠋ᠠᠨ ᠦᠵᠡᠯ ᠰᠠᠨᠠᠭ᠎ᠠ ᠤᠯᠤᠰ ᠲᠥᠷᠥ ᠪᠢᠴᠢᠭ [2020] 53 ᠳ᠋ᠤᠭ᠋ᠠᠷ ᠲᠣᠭ᠋ᠠᠲᠤ


ᠡᠯ᠎ᠡ ᠶᠡᠬᠡ ᠳᠡᠭᠡᠳᠦ ᠰᠤᠷᠭ᠋ᠠᠭᠤᠯᠢ᠎ᠳᠤ᠄
      ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠳᠣᠯᠣᠭ᠋ᠠᠨ ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠲᠤᠰᠬᠠᠢ ᠠᠵᠢᠯᠯᠠᠭ᠋ᠠᠨ ᠎ᠤ ᠲᠥᠯᠥᠪᠯᠡᠭᠡ (2021 - 2025           ᠣᠨ)》 (ᠰᠤᠷᠭ᠋ᠠᠨ ᠪᠡᠶ᠎ᠡ ᠵᠢᠨ ᠲᠠᠮᠢᠷ ᠤᠷᠠᠯᠢᠭ [2023] 1 ᠳ᠋ᠦ᠍ᠭᠡᠷ ᠲᠣᠭ᠋ᠠᠲᠤ)᠎ᠤᠨ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠠᠵᠢᠯ᠎ᠤᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ  ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠵᠢᠨ ᠡᠩᠨᠡᠭᠡ ᠵᠢᠨ ᠲᠤᠰᠬᠠᠶ᠋ᠢᠵᠢᠭᠰᠠᠨ ᠬᠢᠷᠢ ᠲᠦᠪᠰᠢᠨ ᠪᠠ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ 2024 ᠣᠨ᠎ᠤ 11 ᠳ᠋ᠦ᠍ᠭᠡᠷ ᠰᠠᠷ᠎ᠠ᠎ᠳᠤ᠂ ᠮᠠᠨ᠎ᠤ ᠲᠢᠩᠬᠢᠮ᠎ᠠᠴᠠ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠵᠢᠨ ᠦᠨᠳᠦᠰᠦᠨ ᠪᠣᠯᠪᠠᠰᠤᠷᠠᠯ᠎ᠤᠨ ᠤᠷᠤᠯᠳᠤᠭ᠋ᠠᠨ᠎ᠢ ᠡᠷᠬᠢᠯᠡᠵᠦ᠂ ᠡᠯ᠎ᠡ ᠶᠡᠬᠡ ᠳᠡᠭᠡᠳᠦ ᠰᠤᠷᠭ᠋ᠠᠭᠤᠯᠢ᠎ᠠᠴᠠ ᠠᠩᠬᠠᠨ᠎ᠤ ᠤᠷᠤᠯᠳᠤᠭ᠋ᠠᠨ᠎ᠳᠤ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠬᠣᠶᠠᠳᠠᠬᠢ ᠤᠷᠤᠯᠳᠤᠭ᠋ᠠᠨ  ᠵᠶ᠋ᠠᠷ ᠰᠢᠯᠭ᠋ᠠᠷᠠᠭᠤᠯᠬᠤ᠂ ᠰᠢᠢ᠍ᠳᠪᠦᠷᠢᠲᠦ ᠤᠷᠤᠯᠳᠤᠭ᠋ᠠᠨ᠎ᠳᠤ ᠠᠬᠤᠢ ᠲᠠᠯᠠᠪᠠᠢ᠎ᠳᠤ ᠲᠤᠰᠬᠠᠢ ᠮᠡᠷᠭᠡᠵᠢᠯᠲᠡᠨ ᠬᠤᠪᠢ ᠲᠣᠭᠲᠠᠭ᠋ᠠᠬᠤ᠎ᠪᠠᠷ ᠳᠠᠮᠵᠢᠨ᠂ ᠱᠠᠩᠨᠠᠯ ᠭᠦᠷᠲᠡᠭᠰᠡᠳ᠎ᠢ ᠨᠡᠶ᠋ᠢᠲᠡᠯᠡᠪᠡ (ᠳᠠᠭ᠋ᠠᠯᠳᠤᠭᠤᠯᠤᠯ᠎ᠳᠤ ᠦᠵᠡᠭᠡᠷᠡᠢ)᠃
      ᠡᠯ᠎ᠡ ᠶᠡᠬᠡ ᠳᠡᠭᠡᠳᠦ ᠰᠤᠷᠭ᠋ᠠᠭᠤᠯᠢ ᠤᠷᠤᠯᠳᠤᠭ᠋ᠠᠨ ᠵᠶ᠋ᠠᠷ ᠰᠤᠷᠭ᠋ᠠᠨ ᠬᠥᠮᠦᠵᠢᠯ᠎ᠢ ᠠᠬᠢᠭᠤᠯᠵᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠵᠢᠨ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠠ ᠬᠥᠮᠦᠨ ᠬᠥᠮᠦᠵᠢᠭᠦᠯᠬᠦ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠰᠢᠨᠵᠢᠯᠡᠬᠦ ᠤᠬᠠᠭ᠋ᠠᠨᠴᠢᠯᠠᠬᠤ᠂ ᠲᠤᠰᠬᠠᠶ᠋ᠢᠵᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠠᠵᠢᠯ᠎ᠤᠨ ᠴᠢᠨᠠᠷᠯᠢᠭ  ᠬᠥᠭᠵᠢᠯᠲᠡ ᠵᠢ ᠠᠬᠢᠭᠤᠯᠬᠤ ᠬᠡᠷᠡᠭᠲᠡᠢ᠃


      ᠳᠠᠭ᠋ᠠᠯᠳᠤᠭᠤᠯᠤᠯ᠄ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠵᠢᠨ ᠦᠨᠳᠦᠰᠦᠨ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ  ᠭᠦᠷᠲᠡᠭᠰᠡᠳ᠎ᠤᠨ ᠨᠡᠷᠡᠰ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2024 ᠣᠨ᠎ᠤ 11 ᠰᠠᠷ᠎ᠠ ᠵᠢᠨ 22᠎ᠤᠨ ᠡᠳᠦᠷ
 

  

1.png


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2024 ᠣᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ ᠰᠤᠷᠤᠭᠴᠢᠳ᠎ᠤᠨ ᠨᠣᠮ ᠤᠩᠰᠢᠬᠤ ᠠᠵᠢᠯᠯᠠᠭ᠎ᠠ ᠵᠢᠨ ᠲᠠᠨᠢᠯᠴᠠᠭᠤᠯᠬᠤ᠎ᠪᠠᠷ ᠪᠠᠢ᠌ᠭ᠎ᠠ ᠣᠷᠣᠨ ᠪᠦᠰᠡ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠨᠡᠷᠡᠰ᠎ᠤᠨ ᠲᠤᠬᠠᠢ ᠢᠯᠡ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠥᠷᠪᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
2024 ᠣᠨ᠎ᠤ ᠪᠦᠬᠦ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠣᠳᠤᠯᠬᠤ ᠰᠤᠷᠤᠭᠴᠢ ᠵᠢᠴᠢ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠤᠨ ᠠᠩᠭᠢ ᠵᠢᠨ ᠰᠤᠷᠤᠭᠴᠢ ᠵᠢᠨ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠭᠦᠷᠲᠡᠭᠰᠡᠳ᠎ᠤᠨ ᠢᠯᠡ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠦᠬᠦ ᠣᠷᠣᠨ᠎ᠤ ᠮᠢᠨᠤ ᠭᠡᠷ᠎ᠤᠨ ᠰᠤᠷᠲᠠᠯ᠎ᠤᠨ ᠦᠯᠢᠭᠡᠷ᠎ᠤᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠵᠢᠴᠢ ᠭᠡᠷ᠎ᠤᠨ ᠵᠠᠬᠢᠳᠠᠯ᠎ᠢ ᠤᠩᠰᠢᠬᠤ ᠤᠷᠤᠯᠳᠤᠭ᠋ᠠᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ᠂ ᠰᠦᠯᠵᠢᠶᠡᠨ᠎ᠳᠠᠬᠢ ᠰᠢᠯᠢᠳᠡᠭ ᠬᠢᠴᠢᠶᠡᠯ᠂ ᠲᠡᠷᠢᠭᠦᠨ᠎ᠤ ᠭᠣᠣᠯᠯᠠᠬᠤ ᠬᠢᠴᠢᠶᠡᠯ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
 
             蒙ICP备05000248号