ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 2024 ᠣᠨ᠎ᠤ ᠳᠣᠣᠷ᠎ᠠ ᠬᠠᠭ᠋ᠠᠰ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠮᠡᠳᠡᠭᠦᠯᠬᠦ ᠠᠵᠢᠯ᠎ᠤᠨ ᠲᠤᠬᠠᠢ ᠢᠯᠡ ᠨᠡᠶ᠋ᠢᠲᠡᠯᠡᠯ
ᠨᠡᠶ᠋ᠢᠲᠡᠯᠡᠭᠰᠡᠨ ᠴᠠᠭ᠄ 2024-11-06

      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2024 ᠣᠨ᠎ᠤ ᠳᠣᠣᠷ᠎ᠠ ᠬᠠᠭ᠋ᠠᠰ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠵᠢ ᠬᠢᠨᠠᠨ ᠳᠣᠭᠲᠠᠭ᠋ᠠᠬᠤ ᠮᠠᠲ᠋ᠧᠷᠢᠶᠠᠯ᠎ᠢ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 172 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠤᠪᠢ ᠬᠥᠮᠦᠨ ᠮᠡᠳᠡᠭᠦᠯᠵᠦ᠂ ᠰᠤᠷᠭ᠋ᠠᠭᠤᠯᠢ ᠬᠢᠨᠠᠨ ᠪᠠᠢ᠌ᠴᠠᠭ᠋ᠠᠵᠤ ᠲᠠᠨᠢᠯᠴᠠᠭᠤᠯᠬᠤ᠎ᠪᠠᠷ ᠳᠠᠮᠵᠢᠨ᠂ ᠲᠠᠨᠢᠯᠴᠠᠭᠤᠯᠬᠤ᠎ᠪᠠᠷ ᠪᠠᠢ᠌ᠭ᠎ᠠ ᠭᠤᠤ ᠮᠠᠨ ᠱᠦ᠍᠂ ᠯᠧᠢ ᠪᠢᠶᠣᠤ᠂ ᠵᠢᠶᠠᠩ ᠮᠢᠩ ᠯᠧᠢ ᠵᠡᠷᠭᠡ 3 ᠨᠥᠬᠥᠷ᠎ᠢ 2024 ᠣᠨ᠎ᠤ ᠳᠣᠣᠷ᠎ᠠ ᠬᠠᠭ᠋ᠠᠰ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠵᠤ ᠮᠡᠳᠡᠭᠦᠯᠬᠦ᠎ᠳᠤ ᠣᠷᠣᠯᠴᠠᠭᠤᠯᠤᠨ᠎ᠠ (ᠨᠠᠷᠢᠨ ᠲᠣᠳᠤᠷᠬᠠᠢ ᠮᠡᠳᠡᠭᠡ ᠵᠠᠩᠭᠢ ᠵᠢ ᠳᠠᠭ᠋ᠠᠯᠳᠤᠭᠤᠯᠤᠯ᠎ᠳᠤ ᠦᠵᠡᠭᠡᠷᠡᠢ)᠃
      ᠢᠯᠡ ᠨᠡᠶ᠋ᠢᠲᠡᠯᠡᠬᠦ ᠴᠠᠭ᠄ 2024 ᠣᠨ᠎ᠤ 11 ᠰᠠᠷ᠎ᠠ ᠵᠢᠨ 5 - 2024 ᠣᠨ᠎ᠤ 11 ᠰᠠᠷ᠎ᠠ ᠵᠢᠨ 11᠎ᠤ ᠡᠳᠦᠷ
      ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠰᠠᠨᠠᠯ᠎ᠲᠠᠢ ᠪᠣᠯ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠥᠪᠡᠰᠦᠪᠡᠨ ᠢᠷᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠭᠰᠢ ᠵᠢᠨ ᠠᠵᠢᠯ᠎ᠤᠨ ᠭᠠᠵᠠᠷ᠎ᠲᠤ ᠠᠰᠠᠭᠤᠳᠠᠯ᠎ᠢ ᠲᠤᠰᠬᠠᠵᠤ ᠪᠣᠯᠤᠨ᠎ᠠ᠃ ᠪᠠᠭᠰᠢ ᠵᠢᠨ ᠠᠵᠢᠯ᠎ᠤᠨ ᠭᠠᠵᠠᠷ᠎ᠤᠨ ᠬᠠᠷᠢᠯᠴᠠᠬᠤ ᠤᠲᠠᠰᠤ᠄ 2857005᠂  ᠢᠮᠧᠯ᠄ nmgjytjsgzc@126.com


      ᠳᠠᠭ᠋ᠠᠯᠳᠤᠭᠤᠯᠤᠯ᠄ 《ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 2024 ᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠡᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠵᠤ ᠮᠡᠳᠡᠭᠦᠯᠬᠦ ᠬᠥᠮᠦᠰ᠎ᠤᠨ ᠨᠡᠷᠡᠰ》


       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2024 ᠣᠨ᠎ᠤ 11 ᠰᠠᠷ᠎ᠠ ᠵᠢᠨ 5᠎ᠤ ᠡᠳᠦᠷ


ᠳᠠᠭ᠋ᠠᠯᠳᠤᠭᠤᠯᠤᠯ 1᠄ 《ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 2024 ᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠡᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠵᠤ ᠮᠡᠳᠡᠭᠦᠯᠬᠦ ᠬᠥᠮᠦᠰ᠎ᠤᠨ ᠨᠡᠷᠡᠰ》. xlsx

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号