ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠥᠷᠪᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-12-05

         ᠥᠪᠥᠷ ᠰᠤᠷᠭ᠋ᠠᠨ ᠳᠡᠭᠡᠳᠦ ᠪᠢᠴᠢᠭ  [2024] 91 ᠳ᠋ᠦ᠍ᠭᠡᠷ ᠲᠣᠭ᠋ᠠᠲᠤ


ᠡᠯ᠎ᠡ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ᠎ᠳᠤ᠄
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠥᠷᠪᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠢ ᠡᠷᠬᠢᠯᠡᠬᠦ ᠲᠤᠬᠠᠢ ᠮᠡᠳᠡᠭᠳᠡᠯ》 (ᠥᠪᠥᠷ ᠰᠤᠷᠭ᠋ᠠᠨ ᠳᠡᠭᠡᠳᠦ ᠪᠢᠴᠢᠭ [2024] 43 ᠳ᠋ᠤᠭ᠋ᠠᠷ ᠲᠣᠭ᠋ᠠᠲᠤ)᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2024 ᠣᠨ᠎ᠤ 11 ᠳ᠋ᠦ᠍ᠭᠡᠷ ᠰᠠᠷ᠎ᠠ ᠵᠢᠨ 30 - 12 ᠳ᠋ᠤᠭ᠋ᠠᠷ ᠰᠠᠷ᠎ᠠ ᠵᠢᠨ 1᠎ᠤ ᠡᠳᠦᠷ ᠪᠣᠯᠲᠠᠯ᠎ᠠ ᠳᠥᠷᠪᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠢ ᠡᠷᠬᠢᠯᠡᠵᠦ᠂ ᠣᠨᠴᠠ ᠳᠡᠰ᠎ᠤᠨ ᠱᠠᠩᠨᠠᠯ 4᠂ ᠨᠢᠭᠡᠳᠦᠭᠡᠷ ᠳᠡᠰ᠎ᠤᠨ ᠱᠠᠩᠨᠠᠯ 16᠂ ᠬᠣᠶᠠᠳᠤᠭ᠋ᠠᠷ ᠳᠡᠰ᠎ᠤᠨ ᠱᠠᠩᠨᠠᠯ 39 ᠵᠢ ᠰᠢᠯᠭ᠋ᠠᠷᠠᠭᠤᠯᠪᠠ᠃ ᠡᠭᠦᠨ᠎ᠤ ᠬᠠᠮᠲᠤ᠂ ᠤᠷᠤᠯᠳᠤᠭ᠋ᠠᠨ᠎ᠳᠤ ᠣᠷᠣᠯᠴᠠᠭᠰᠠᠨ ᠶᠡᠬᠡ ᠳᠡᠭᠡᠳᠦ ᠰᠤᠷᠭ᠋ᠠᠭᠤᠯᠢ ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠣᠷᠣᠯᠴᠠᠭᠰᠠᠨ ᠪᠠᠭᠰᠢ ᠵᠢᠴᠢ ᠱᠠᠩᠨᠠᠯ ᠣᠯᠤᠭᠰᠠᠨ ᠪᠠᠶ᠋ᠢᠳᠠᠯ ᠵᠡᠷᠭᠡ ᠵᠢ ᠶᠡᠷᠦᠩᠬᠡᠶ᠋ᠢᠯᠡᠨ ᠪᠣᠳᠣᠯᠬᠢᠯᠠᠵᠤ᠂ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ 8 ᠵᠢ ᠲᠣᠭᠲᠠᠭ᠋ᠠᠵᠤ᠂ ᠡᠳᠦᠭᠡ ᠱᠠᠩᠨᠠᠯ ᠭᠦᠷᠲᠡᠭᠰᠡᠳ᠎ᠢ ᠨᠡᠶ᠋ᠢᠲᠡᠯᠡᠪᠡ (ᠳᠠᠭ᠋ᠠᠯᠳᠤᠭᠤᠯᠤᠯ᠎ᠳᠤ ᠦᠵᠡᠭᠡᠷᠡᠢ)᠃
      ᠬᠥᠬᠢᠭᠦᠯᠦᠭᠳᠡᠨ ᠰᠠᠶ᠋ᠢᠰᠢᠶᠠᠭᠳᠠᠭᠰᠠᠨ ᠶᠡᠬᠡ ᠳᠡᠭᠡᠳᠦ ᠰᠤᠷᠭ᠋ᠠᠭᠤᠯᠢ ᠪᠣᠯᠤᠨ ᠪᠠᠭᠰᠢ ᠨᠠᠷ ᠵᠶ᠋ᠠᠷ ᠦᠯᠢᠭᠡᠷ ᠳᠠᠭᠤᠷᠢᠶᠠᠯ ᠪᠣᠯᠭ᠋ᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠵᠤ᠂ ᠥᠷᠭᠡᠨ ᠣᠯᠠᠨ ᠪᠠᠭᠰᠢ ᠵᠢᠨ ᠰᠠᠨᠠᠭ᠋ᠠᠴᠢᠯᠠᠭ᠋ᠠᠲᠤ ᠴᠢᠨᠠᠷ ᠪᠣᠯᠤᠨ ᠪᠦᠲᠦᠭᠡᠯᠴᠢ ᠴᠢᠨᠠᠷ᠎ᠢ ᠢᠳᠡᠪᠬᠢᠲᠡᠢ ᠳᠠᠶ᠋ᠢᠴᠢᠯᠠᠨ᠂ ᠲᠤᠰᠬᠠᠢ ᠮᠡᠷᠭᠡᠵᠢᠯ᠎ᠤᠨ ᠬᠢᠴᠢᠶᠡᠯ᠎ᠤᠨ ᠪᠠᠭᠰᠢ ᠵᠢᠨ 《ᠭᠣᠣᠯ ᠬᠦᠴᠦᠨ》᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠤᠰᠬᠠᠢ ᠮᠡᠷᠭᠡᠵᠢᠯ᠎ᠤᠨ ᠬᠢᠴᠢᠶᠡᠯ ᠪᠣᠯᠤᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠢ ᠵᠡᠷᠭᠡ᠎ᠪᠠᠷ ᠶᠠᠪᠤᠭᠳᠠᠭᠤᠯᠬᠤ ᠵᠢ ᠠᠬᠢᠭᠤᠯᠤᠨ᠂ ᠪᠦᠬᠦ ᠠᠵᠢᠯᠲᠠᠨ ᠪᠦᠬᠦ ᠶᠠᠪᠤᠴᠠ᠎ᠳᠤ ᠪᠦᠬᠦ ᠲᠠᠯ᠎ᠠ᠎ᠪᠠᠷ ᠬᠥᠮᠦᠨ ᠬᠥᠮᠦᠵᠢᠭᠦᠯᠬᠦ ᠰᠢᠨ᠎ᠡ ᠪᠠᠢ᠌ᠷᠢᠰᠢᠯᠠᠭᠤᠯᠤᠯᠲᠠ ᠵᠢ ᠢᠳᠡᠪᠬᠢᠲᠡᠢ ᠪᠠᠶ᠋ᠢᠭᠤᠯᠬᠤ ᠵᠢ ᠬᠦᠰᠡᠵᠦ ᠪᠠᠶ᠋ᠢᠨ᠎ᠠ᠃

      ᠳᠠᠭ᠋ᠠᠯᠳᠤᠭᠤᠯᠤᠯ ᠄ ᠳᠥᠷᠪᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠤᠨ ᠨᠡᠷᠡᠰ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
               2024 ᠣᠨ᠎ᠤ 12 ᠰᠠᠷ᠎ᠠ ᠵᠢᠨ 4᠎ᠤ ᠡᠳᠦᠷ


ᠳᠠᠭ᠋ᠠᠯᠳᠤᠭᠤᠯᠤᠯ 1᠄ ᠳᠥᠷᠪᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠤᠨ ᠨᠡᠷᠡᠰ .docx


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号