ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠦᠬᠦ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢᠨ ᠠᠵᠢᠯᠯᠠᠭ᠎ᠠ ᠵᠢ ᠡᠷᠬᠢᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-03-13

          ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ  [2024] 16 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠰᠠᠨᠠᠯ》᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ ᠵᠢᠴᠢ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠮᠡᠳᠡᠭᠳᠡᠯ》 ᠪᠣᠯᠤᠨ ᠥᠪᠡᠷᠲᠡᠭᠡᠨ ᠵᠠᠰᠠᠬᠤ ᠣᠷᠣᠨ ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠠᠵᠢᠯ᠎ᠤᠨ ᠠᠵᠢᠯᠯᠠᠭ᠋ᠠᠨ᠎ᠤ ᠲᠥᠯᠥᠪᠯᠡᠭᠡ (2021-2025 ᠣᠨ)》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠣᠣᠯᠯᠠᠭᠴᠢ ᠪᠠᠭᠰᠢ ᠵᠢᠨ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠠ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠵᠤ᠂ ᠳᠠᠭᠤᠷᠢᠶᠠᠯ ᠦᠵᠡᠭᠦᠯᠬᠦ᠂ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠠᠬᠢᠭᠤᠯᠬᠤ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2024 ᠣᠨ᠎ᠤ 10 ᠰᠠᠷ᠎ᠠ᠎ᠳᠤ ᠬᠥᠬᠡᠬᠣᠲᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢᠨ ᠠᠵᠢᠯᠯᠠᠭ᠎ᠠ ᠵᠢ ᠡᠷᠬᠢᠯᠡᠬᠦ᠎ᠪᠠᠷ ᠲᠣᠭᠲᠠᠪᠠ᠂ ᠡᠨᠡ ᠤᠳᠠᠭ᠋ᠠᠨ᠎ᠤ ᠠᠵᠢᠯᠯᠠᠭ᠎ᠠ ᠵᠢ ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠎ᠠᠴᠠ ᠳᠠᠭ᠋ᠠᠭ᠋ᠠᠴᠢᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠪᠠ ᠦᠢ᠍ᠯᠡᠳᠦᠯᠭᠡ ᠵᠢ ᠵᠢᠯᠣᠭᠣᠳᠬᠤ ᠵᠥᠪᠯᠡᠯ᠎ᠠᠴᠠ ᠬᠠᠮᠵᠢᠨ ᠡᠷᠭᠢᠯᠡᠨ᠎ᠡ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠠᠵᠢᠯᠯᠠᠭ᠋ᠠᠨ᠎ᠤ ᠵᠠᠷᠴᠢᠮ
      (ᠨᠢᠭᠡ) ᠬᠥᠮᠦᠨ ᠬᠥᠮᠦᠵᠢᠭᠦᠯᠬᠦ᠎ᠪᠠᠷ ᠦᠨᠳᠦᠰᠦ ᠪᠣᠯᠭ᠋ᠠᠵᠤ᠂ ᠶᠣᠰᠣ ᠮᠣᠷᠠᠯ᠎ᠤᠨ ᠬᠥᠮᠦᠵᠢᠯ᠎ᠢ ᠲᠡᠷᠢᠭᠦᠨ᠎ᠳᠤ ᠲᠠᠯᠪᠢᠨ᠎ᠠ
      ᠬᠥᠮᠦᠨ ᠵᠶ᠋ᠠᠷ ᠦᠨᠳᠦᠰᠦ ᠪᠣᠯᠭ᠋ᠠᠬᠤ᠂ ᠰᠤᠷᠤᠭᠴᠢᠳ᠎ᠤᠨ ᠨᠠᠰᠤᠨ ᠲᠤᠷᠰᠢᠳᠠ ᠵᠢᠨ ᠬᠥᠭᠵᠢᠯᠲᠡ᠎ᠳᠤ ᠰᠠᠭᠤᠷᠢ ᠲᠠᠯᠪᠢᠬᠤ ᠵᠢᠭ᠋ᠠᠨ ᠰᠤᠷᠭ᠋ᠠᠯᠲᠠ ᠵᠢᠨ ᠣᠨᠣᠯᠵᠢᠬᠤᠨ᠎ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢ ᠭᠤᠸ᠎ᠠ ᠰᠠᠶ᠋ᠢᠬᠠᠨ᠎ᠤ ᠬᠥᠮᠦᠵᠢᠯ ᠵᠢᠭ᠋ᠠᠨ ᠰᠤᠷᠭ᠋ᠠᠯᠲᠠ ᠵᠢᠨ ᠡᠭᠦᠷᠭᠡ᠎ᠳᠤ ᠠᠭᠤᠰᠬᠠᠨ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠥᠭᠡᠷᠡᠴᠢᠯᠡᠯᠲᠡ ᠵᠢ ᠬᠦᠴᠦᠯᠡᠨ ᠭᠦᠨᠵᠡᠭᠡᠶ᠋ᠢᠷᠡᠭᠦᠯᠵᠦ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠰᠢᠯᠢᠳᠡᠭᠵᠢᠭᠦᠯᠦᠨ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠭᠤᠸ᠎ᠠ ᠰᠠᠶ᠋ᠢᠬᠠᠨ᠎ᠤ ᠬᠥᠮᠥᠵᠢᠯ᠎ᠤᠨ ᠬᠥᠮᠦᠨ ᠬᠥᠮᠦᠵᠢᠭᠦᠯᠬᠦ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠤᠨ᠎ᠠ᠃
      (ᠬᠣᠶᠠᠷ) ᠬᠠᠷᠠᠯᠲᠠ᠎ᠪᠠᠨ ᠲᠣᠳᠣᠷᠬᠠᠶ᠋ᠢᠯᠠᠵᠤ᠂ ᠲᠠᠨᠢᠯᠲᠠ᠎ᠪᠠᠨ ᠪᠣᠳᠠᠲᠠᠢ᠌ᠵᠢᠭᠤᠯᠤᠨ᠎ᠠ
      ᠠᠵᠢᠯᠯᠠᠭ᠎ᠠ ᠵᠢ ᠥᠷᠨᠢᠭᠦᠯᠬᠦ ᠵᠣᠷᠢᠯᠭ᠎ᠠ ᠪᠣᠯ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠥᠪᠡᠰᠦᠪᠡᠨ ᠰᠤᠷᠤᠯᠴᠠᠬᠤ᠂ ᠥᠪᠡᠷ᠎ᠢ᠎ᠪᠠᠨ ᠳᠡᠭᠡᠭᠰᠢᠯᠡᠭᠦᠯᠬᠦ᠂  ᠬᠠᠮᠲᠤᠷᠠᠵᠤ ᠰᠣᠯᠢᠯᠴᠠᠬᠤ᠂ ᠬᠠᠮᠲᠤ᠎ᠳᠤ᠎ᠪᠠᠨ ᠥᠰᠦᠨ ᠪᠣᠶ᠋ᠢᠵᠢᠬᠤ ᠵᠢ ᠠᠬᠢᠭᠤᠯᠵᠤ᠂ ᠡᠭᠦᠨ᠎ᠤ ᠤᠯᠠᠮ᠎ᠠᠴᠠ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠴᠢᠳᠠᠪᠤᠷᠢ᠎ᠪᠠᠨ ᠳᠡᠭᠡᠭᠰᠢᠯᠡᠭᠦᠯᠦᠨ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ᠎ᠪᠠᠨ ᠰᠢᠯᠢᠳᠡᠭᠵᠢᠭᠦᠯᠵᠦ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠥᠭᠡᠷᠡᠴᠢᠯᠡᠯᠲᠡ ᠵᠢ ᠠᠬᠢᠭᠤᠯᠤᠨ᠎ᠠ᠃
      (ᠭᠤᠷᠪᠠ) ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠶ᠋ᠠᠷ ᠤᠳᠤᠷᠢᠳᠤᠮᠵᠢ ᠪᠣᠯᠭ᠋ᠠᠨ᠂ ᠰᠣᠳᠤᠯᠬᠤ ᠵᠢ ᠴᠢᠬᠤᠯᠠᠴᠢᠯᠠᠨ᠎ᠠ
      ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠦᠢ᠍ᠯᠡᠳᠦᠯᠭᠡ ᠵᠢᠨ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ ᠭᠤᠸ᠎ᠠ ᠰᠠᠶ᠋ᠢᠬᠠᠨ᠎ᠤ           ᠬᠥᠮᠦᠵᠢᠯ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠢᠳᠡᠪᠬᠢᠲᠡᠢ ᠬᠠᠶ᠋ᠢᠨ ᠰᠦᠪᠡᠭᠴᠢᠯᠡᠨ᠎ᠡ᠃ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠎ᠳᠤ 《ᠨᠠᠷᠢᠯᠢᠭ ᠶᠠᠷᠢᠵᠤ ᠰᠠᠢ᠌ᠨ           ᠪᠣᠯᠪᠠᠰᠤᠷᠠᠨ ᠢᠯᠡᠭᠦᠬᠡᠨ ᠰᠡᠳᠬᠢᠵᠦ᠂ ᠴᠢᠳᠠᠪᠤᠷᠢ ᠵᠢ ᠬᠦᠴᠦᠯᠡᠨ ᠬᠥᠮᠦᠵᠢᠭᠦᠯᠵᠦ᠂ ᠰᠤᠷᠤᠭᠴᠢᠳ᠎ᠤᠨ ᠣᠶᠤᠨ᠎ᠢ ᠨᠡᠭᠡᠭᠡᠬᠦ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠵᠠᠷᠴᠢᠮ᠎ᠢ ᠲᠤᠭᠤᠰᠢᠯᠠᠭᠤᠯᠵᠤ᠂ ᠵᠢᠭ᠋ᠠᠨ ᠰᠤᠷᠭ᠋ᠠᠯᠲᠠ  ᠵᠢᠨ ᠪᠦᠲᠦᠮᠵᠢᠲᠦ ᠴᠢᠨᠠᠷ᠎ᠢ ᠢᠯᠡᠷᠡᠭᠦᠯᠦᠨ᠎ᠡ᠃ ᠬᠢᠴᠢᠶᠡᠯ᠎ᠤᠨ ᠳᠠᠷᠠᠭ᠎ᠠ ᠡᠷᠭᠢᠴᠡᠭᠦᠯᠦᠨ ᠪᠣᠳᠣᠬᠤ ᠵᠢ ᠶᠡᠬᠡ᠎ᠪᠠᠷ ᠬᠡᠷᠡᠭᠵᠢᠭᠦᠯᠵᠦ᠂ ᠢᠯᠠᠵᠤ ᠢᠯᠠᠭᠳᠠᠬᠤ ᠣᠯᠵᠤ ᠠᠯᠳᠠᠬᠤ ᠵᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠤᠨ᠂ ᠵᠢᠭ᠋ᠠᠨ ᠰᠤᠷᠭ᠋ᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠣᠣᠰ ᠠᠮᠵᠢᠯᠲᠠ ᠵᠢ  ᠪᠡᠶᠡᠯᠡᠭᠦᠯᠦᠨ᠎ᠡ᠃
      (ᠲᠦᠷᠪᠡ) ᠰᠣᠯᠢᠯᠴᠠᠭ᠎ᠠ ᠵᠢ ᠴᠢᠩᠭ᠋ᠠᠳᠬᠠᠵᠤ ᠬᠠᠮᠲᠤ᠎ᠳᠤ᠎ᠪᠠᠨ ᠪᠡᠶᠡᠯᠡᠭᠦᠯᠦᠨ᠎ᠡ
      ᠬᠣᠷᠰᠢᠶᠠᠯᠠᠨ ᠬᠠᠮᠲᠤ᠎ᠳᠤ᠎ᠪᠠᠨ ᠡᠳ᠋ᠯᠡᠬᠦ ᠲᠠᠪᠴᠠᠩ᠎ᠢ ᠪᠠᠶ᠋ᠢᠭᠤᠯᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠠᠮᠲᠤ ᠵᠢᠨ ᠵᠢᠭ᠋ᠠᠬᠤ ᠵᠢ ᠰᠤᠳᠤᠯᠬᠤ ᠠᠵᠢᠯᠯᠠᠭ᠎ᠠ ᠵᠢ ᠴᠢᠩᠭ᠋ᠠᠳᠬᠠᠵᠤ᠂ ᠭᠣᠣᠯᠯᠠᠭᠴᠢ ᠪᠠᠭᠰᠢ ᠵᠢᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠢᠭ᠋ᠠᠨ ᠰᠤᠷᠭ᠋ᠠᠯᠲᠠ᠎ᠳᠠᠬᠢ ᠨᠡᠶ᠋ᠢᠲᠡᠯᠢᠭ ᠠᠰᠠᠭᠤᠳᠠᠯ᠎ᠢ ᠬᠤᠷᠢᠶᠠᠩᠭᠤᠶ᠋ᠢᠯᠠᠨ ᠳ᠋ᠦᠩᠨᠡᠵᠦ᠂ ᠰᠢᠨ᠎ᠡ ᠵᠢ ᠡᠭᠦᠳᠬᠦ ᠰᠡᠳᠬᠢᠮᠵᠢ ᠵᠢ ᠳᠤᠷᠠᠳᠴᠤ᠂ ᠪᠠᠭᠰᠢ ᠵᠢᠨ ᠳᠤᠰᠬᠠᠢ ᠮᠡᠷᠭᠡᠵᠢᠭᠰᠡᠨ ᠲᠦᠪᠰᠢᠨ᠎ᠢ ᠬᠠᠮᠲᠤ᠎ᠳᠤ᠎ᠪᠠᠨ ᠳᠡᠭᠡᠭᠰᠢᠯᠡᠭᠦᠯᠬᠦ ᠵᠢ ᠠᠬᠢᠭᠤᠯᠤᠨ᠎ᠠ᠃
      ᠬᠣᠶᠠᠷ᠂ ᠴᠠᠭ ᠪᠠ ᠭᠠᠵᠠᠷ
      ᠴᠠᠭ᠄ 2024 ᠣᠨ᠎ᠤ 10 ᠰᠠᠷ᠎ᠠ ᠵᠢᠨ ᠳᠤᠮᠳᠠᠴᠢ᠎ᠪᠠᠷ ᠪᠣᠳᠠᠲᠠᠢ ᠴᠠᠭ᠎ᠢ ᠠᠰ᠎ᠲᠤ᠎ᠨᠢ ᠮᠡᠳᠡᠭᠳᠡᠨ᠎ᠡ᠃
      ᠭᠠᠵᠠᠷ᠄ ᠬᠥᠬᠡᠬᠣᠲᠠ
      ᠭᠤᠷᠪᠠ᠂ ᠦᠵᠡᠭᠦᠯᠭᠡ᠎ᠳᠤ ᠣᠷᠣᠯᠴᠠᠬᠤ ᠡᠲᠡᠭᠡᠳ ᠪᠠ ᠦᠵᠡᠭᠦᠯᠭᠡ ᠵᠢᠨ ᠬᠢᠴᠢᠶᠡᠯ
      ᠲᠤᠰ ᠬᠤᠭᠤᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠵᠢ ᠵᠥᠪᠬᠡᠨ ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠠᠯᠢᠭ᠎ᠤᠨ ᠬᠢᠴᠢᠶᠡᠯ ᠲᠥᠷᠦᠯ᠎ᠤᠨ ᠪᠠᠭᠰᠢ᠎ᠳᠤ ᠬᠠᠨᠳᠤᠭᠤᠯᠤᠨ ᠥᠷᠨᠢᠭᠦᠯᠵᠦ᠂ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠳᠠᠭᠤᠤ ᠬᠥᠭᠵᠢᠮ (ᠪᠥᠵᠢᠭ᠂ ᠰᠢ ᠵᠦᠴᠦᠭᠡ᠂ ᠰᠢ ᠳᠠᠭᠤᠷᠢᠯᠢᠭ)᠂ ᠤᠷᠠᠨ ᠵᠢᠷᠤᠭ (ᠺᠢᠨᠣ᠋ ᠲᠧᠯᠸᠢᠰ᠂ ᠲᠣᠭ᠋ᠠᠵᠢᠭᠰᠠᠨ ᠵᠠᠭᠤᠴᠢᠯᠠᠭᠤᠷ᠎ᠤᠨ ᠤᠷᠠᠯᠢᠭ᠎ᠢ ᠪᠠᠭᠲᠠᠭ᠋ᠠᠨ᠎ᠠ) ᠵᠢᠴᠢ ᠤᠷᠠᠨ ᠪᠢᠴᠢᠯᠭᠡ ᠵᠢᠨ ᠪᠠᠭᠰᠢ ᠵᠢ ᠪᠠᠭᠲᠠᠭ᠋ᠠᠵᠤ᠂ ᠨᠠᠰᠤ ᠪᠠ ᠪᠠᠭᠰᠢᠯᠠᠭᠰᠠᠨ ᠵᠢᠯ᠎ᠢ ᠬᠢᠵᠠᠭ᠋ᠠᠷᠯᠠᠬᠤ ᠦᠭᠡᠢ᠃
      ᠳᠥᠷᠪᠡ᠂ ᠠᠭᠤᠯᠭ᠎ᠠ ᠪᠠ ᠬᠡᠯᠪᠡᠷᠢ
      (ᠨᠢᠭᠡ) ᠠᠩᠭᠢ ᠵᠢᠭᠡᠯᠡᠨ ᠬᠢᠴᠢᠶᠡᠯᠯᠡᠬᠦ
      ᠡᠨᠡ ᠤᠳᠠᠭ᠋ᠠᠨ᠎ᠤ ᠦᠵᠡᠭᠦᠯᠭᠡ᠎ᠳᠤ ᠠᠬᠤᠢ ᠲᠠᠯᠠᠪᠠᠢ᠎ᠳᠤ ᠠᠩᠭᠢ ᠵᠢᠭᠡᠯᠡᠵᠦ ᠬᠢᠴᠢᠶᠡᠯᠯᠡᠬᠦ ᠬᠡᠯᠪᠡᠷᠢ ᠵᠢ ᠬᠡᠷᠡᠭᠯᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯᠯᠡᠬᠦ ᠴᠠᠭ ᠴᠥᠮ 40 ᠮᠢᠨᠦ᠋ᠲ / ᠬᠢᠴᠢᠶᠡᠯ           ᠪᠣᠯᠤᠨ᠎ᠠ᠃ ᠵᠢᠭ᠋ᠠᠨ ᠰᠤᠷᠭ᠋ᠠᠯᠲᠠ ᠵᠢᠨ ᠶᠠᠪᠤᠴᠠ᠎ᠨᠢ ᠡᠷᠬᠡᠪᠰᠢ ᠰᠢᠨ᠎ᠡ ᠬᠢᠴᠢᠶᠡᠯ᠎ᠤᠨ ᠪᠠᠷᠢᠮᠵᠢᠶ᠎ᠠ ᠵᠢ ᠴᠢᠩᠭ᠎ᠠ ᠡᠵᠡᠮᠳᠡᠵᠦ᠂ ᠬᠢᠴᠢᠶᠡᠯ᠎ᠤᠨ ᠰᠢᠨ᠎ᠡ ᠣᠶ᠋ᠢᠯᠠᠭ᠋ᠠᠭᠳᠠᠬᠤᠨ᠎ᠢ ᠢᠯᠡᠷᠡᠭᠦᠯᠦᠨ᠂ ᠣᠯᠠᠨ ᠠᠷᠭ᠎ᠠ ᠬᠡᠯᠪᠡᠷᠢ᠎ᠪᠠᠷ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢ ᠳᠡᠯᠭᠡᠷᠡᠭᠦᠯᠵᠦ᠂ ᠵᠢᠭ᠋ᠠᠨ ᠰᠤᠷᠭ᠋ᠠᠯᠲᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃
      (ᠬᠣᠶᠠᠷ) ᠰᠢᠪᠠᠭ᠎ᠠ ᠲᠠᠲᠠᠨ ᠬᠢᠴᠢᠶᠡᠯ ᠰᠣᠩᠭᠣᠬᠤ
      ᠠᠬᠤᠢ ᠲᠠᠯᠠᠪᠠᠢ ᠵᠢᠨ ᠦᠵᠡᠭᠦᠯᠭᠡ᠎ᠠᠴᠠ 2 - 3 ᠡᠳᠦᠷ᠎ᠤᠨ ᠡᠮᠦᠨ᠎ᠡ᠂ ᠤᠷᠤᠯᠳᠤᠭ᠋ᠠᠨ᠎ᠳᠤ ᠣᠷᠣᠯᠴᠠᠬᠤ ᠪᠠᠭᠰᠢ ᠰᠦᠯᠵᠢᠶᠡᠨ᠎ᠳᠤ ᠰᠢᠪᠠᠭ᠎ᠠ ᠲᠠᠲᠠᠬᠤ ᠬᠡᠯᠪᠡᠷᠢ᠎ᠪᠠᠷ ᠬᠢᠴᠢᠶᠡᠯ᠎ᠤᠨ ᠳᠡᠰ ᠳᠠᠷᠠᠭ᠋ᠠᠯᠠᠯ᠂ ᠬᠢᠴᠢᠶᠡᠯ᠎ᠤᠨ ᠠᠭᠤᠯᠭ᠎ᠠ ᠵᠢ ᠲᠠᠰᠢᠷᠠᠮ ᠳᠠᠭ᠋ᠠᠤ ᠰᠣᠩᠭᠤᠵᠤ᠂ ᠬᠢᠴᠢᠶᠡᠯ ᠵᠢᠭ᠋ᠠᠬᠤ ᠳᠠᠷᠠᠭ᠋ᠠᠯᠠᠯ ᠪᠠ ᠭᠠᠷᠴᠠᠭ ᠠᠭᠤᠯᠭ᠎ᠠ ᠵᠢ ᠳᠣᠭᠲᠠᠭ᠋ᠠᠨ᠎ᠠ᠃ ᠠᠳᠠᠯᠢ ᠨᠢᠭᠡᠨ ᠡᠳᠦᠷ (ᠪᠤᠶᠤ ᠬᠠᠭ᠋ᠠᠰ ᠡᠳᠦᠷ) ᠬᠢᠴᠢᠶᠡᠯ ᠣᠷᠣᠬᠤ᠎ᠳᠤ᠂ ᠠᠳᠠᠯᠢ ᠬᠢᠴᠢᠶᠡᠯ᠎ᠢ ᠣᠨᠳᠣᠤ ᠪᠥᠲᠦᠴᠡ᠎ᠪᠠᠷ ᠣᠷᠣᠨ᠎ᠠ᠃
      (ᠭᠤᠷᠪᠠ)  ᠠᠬᠤᠢ ᠲᠠᠯᠠᠪᠠᠢ᠎ᠳᠤ ᠬᠤᠪᠢ ᠣᠯᠭᠣᠬᠤ
      ᠦᠵᠡᠭᠦᠯᠭᠡ᠎ᠳᠤ ᠣᠷᠣᠯᠴᠠᠭᠰᠠᠨ ᠪᠠᠭᠰᠢ ᠬᠢᠴᠢᠶᠡᠯ ᠣᠷᠣᠵᠤ ᠳᠠᠭᠤᠰᠤᠭᠰᠠᠨ᠎ᠤ ᠳᠠᠷᠠᠭ᠎ᠠ᠂ ᠰᠢᠯᠭ᠋ᠠᠷᠠᠭᠤᠯᠬᠤ ᠺᠣᠮᠢᠰ᠎ᠤᠨ ᠭᠡᠰᠢᠭᠦᠨ ᠬᠤᠪᠢ ᠣᠯᠭᠣᠬᠤ ᠪᠠᠷᠢᠮᠵᠢᠶ᠎ᠠ ᠵᠢ ᠦᠨᠳᠦᠰᠦᠯᠡᠨ ᠠᠬᠤᠢ ᠲᠠᠯᠠᠪᠠᠢ᠎ᠳᠤ ᠬᠤᠪᠢ ᠵᠢ ᠨᠡᠢ᠌ᠲᠡᠯᠡᠵᠦ᠂ ᠬᠥᠲᠥᠯᠥᠭᠴᠢ ᠠᠬᠤᠢ ᠲᠠᠯᠠᠪᠠᠢ᠎ᠳᠤ ᠬᠤᠪᠢ ᠮᠡᠳᠡᠭᠦᠯᠦᠨ᠂ ᠳᠠᠭᠤᠰᠤᠭᠰᠠᠨ᠎ᠤ ᠳᠠᠷᠠᠭ᠎ᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠴᠢᠶᠡᠯ᠎ᠢ ᠶᠡᠷᠦᠩᠬᠡᠢ᠌ᠯᠡᠨ ᠦᠨᠡᠯᠡᠨ᠎ᠡ᠃
      (ᠲᠦᠷᠪᠡ) ᠵᠢᠭ᠋ᠠᠬᠤ ᠮᠠᠲ᠋ᠧᠷᠢᠶᠠᠯ᠂ ᠬᠢᠴᠢᠶᠡᠯ᠎ᠤᠨ ᠬᠡᠷᠡᠭᠰᠡᠯ
      ᠵᠢᠭ᠋ᠠᠬᠤ ᠮᠠᠲ᠋ᠧᠷᠢᠶᠠᠯ ᠵᠢᠴᠢ ᠬᠡᠪᠯᠡᠯ᠎ᠢ ᠭᠣᠣᠯᠯᠠᠨ ᠡᠷᠬᠢᠯᠡᠬᠦ ᠲᠠᠯ᠎ᠠ᠎ᠠᠴᠠ ᠲᠣᠭᠲᠠᠭ᠋ᠠᠵᠤ᠂ ᠠᠵᠢᠯᠯᠠᠭ᠋ᠠᠨ᠎ᠠᠴᠠ ᠡᠮᠦᠨ᠎ᠡ ᠨᠡᠶ᠋ᠢᠲᠡᠯᠡᠨ᠎ᠡ; ᠲᠡᠭᠦᠯᠳᠡᠷ ᠬᠤᠭᠤᠷ᠎ᠠᠴᠠ ᠭᠠᠳᠠᠨ᠎ᠠ᠂ ᠪᠤᠰᠤᠳ ᠵᠢᠭ᠋ᠠᠨ ᠰᠤᠷᠭ᠋ᠠᠯᠲᠠ ᠵᠢᠨ ᠬᠡᠷᠡᠭᠰᠡᠯ᠎ᠢ ᠪᠠᠭᠰᠢ ᠥᠪᠡᠰᠦᠪᠡᠨ ᠪᠡᠯᠡᠳᠬᠡᠵᠦ᠂ ᠣᠳᠣ ᠦᠶ᠎ᠡ ᠵᠢᠨ ᠵᠠᠭᠤᠴᠢᠯᠠᠭᠤᠷ᠎ᠢ ᠵᠣᠬᠢᠰᠲᠠᠢ ᠬᠡᠷᠡᠭᠯᠡᠨ ᠬᠢᠴᠢᠶᠡᠯ ᠣᠷᠣᠨ᠎ᠠ᠃
      ᠲᠠᠪᠤ᠂ ᠦᠵᠡᠭᠦᠯᠭᠡ᠎ᠳᠤ ᠣᠷᠣᠯᠴᠠᠬᠤ ᠣᠷᠣᠨ ᠲᠣᠭ᠎ᠠ
      ᠡᠯ᠎ᠡ ᠠᠶ᠋ᠢᠮᠠᠭ ᠬᠣᠲᠠ ᠱᠠᠲᠤ ᠳᠠᠷᠠᠭ᠋ᠠᠯᠠᠨ ᠦᠵᠡᠭᠦᠯᠭᠡ ᠵᠢᠨ ᠠᠵᠢᠯᠯᠠᠭ᠎ᠠ ᠵᠢ ᠰᠣᠯᠢᠯᠴᠠᠵᠤ           ᠥᠷᠨᠢᠭᠦᠯᠦᠨ᠎ᠡ᠃ ᠠᠶ᠋ᠢᠮᠠᠭ ᠬᠣᠲᠠ ᠪᠦᠷᠢ 10 ᠰᠢᠯᠢᠳᠡᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢ ᠰᠣᠩᠭᠣᠵᠤ᠂ ᠠᠶ᠋ᠢᠮᠠᠭ ᠬᠣᠲᠠ᠎ᠪᠠᠷ ᠨᠢᠭᠡᠴᠢ ᠪᠣᠯᠭ᠋ᠠᠨ ᠳᠤᠭᠤᠢ᠌ᠯᠠᠩ ᠬᠤᠪᠢᠶᠠᠨ ᠣᠷᠣᠯᠴᠠᠭᠤᠯᠵᠤ᠂ ᠪᠠᠭ᠎ᠠ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠪᠠᠭᠰᠢ 2᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠪᠠᠭᠰᠢ 1᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠪᠠᠭᠰᠢ 1; ᠪᠠᠭ᠎ᠠ ᠰᠤᠷᠭ᠋ᠠᠭᠤᠯᠢ ᠵᠢᠨ ᠤᠷᠠᠨ ᠵᠢᠷᠤᠭ᠎ᠤᠨ ᠪᠠᠭᠰᠢ 2᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠷᠠᠨ ᠵᠢᠷᠤᠭ᠎ᠤᠨ ᠪᠠᠭᠰᠢ 1᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠷᠠᠨ ᠵᠢᠷᠤᠭ᠎ᠤᠨ ᠪᠠᠭᠰᠢ 1; ᠪᠠᠭ᠎ᠠ ᠰᠤᠷᠭ᠋ᠠᠭᠤᠯᠢ ᠵᠢᠨ ᠤᠷᠠᠨ ᠪᠢᠴᠢᠯᠭᠡ ᠵᠢᠨ ᠪᠠᠭᠰᠢ 1᠂ ᠠᠩᠬ᠎ᠠ ᠵᠡᠷᠭᠡ  ᠵᠢᠨ ᠳᠤᠮᠳᠠᠳᠤ ᠰᠤᠷᠭ᠋ᠠᠭᠤᠯᠢ ᠵᠢᠨ ᠪᠤᠶᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠷᠠᠨ ᠪᠢᠴᠢᠯᠭᠡ ᠵᠢᠨ ᠪᠠᠭᠰᠢ 1 ᠪᠣᠯᠤᠨ᠎ᠠ᠃
      ᠵᠢᠷᠭᠤᠭ᠎ᠠ᠂ ᠱᠠᠩᠨᠠᠯ᠎ᠤᠨ ᠲᠣᠬᠢᠷᠠᠭᠤᠯᠤᠯᠲᠠ
      ᠡᠨᠡ ᠤᠳᠠᠭ᠋ᠠᠨ᠎ᠤ ᠦᠵᠡᠭᠦᠯᠭᠡ᠎ᠳᠤ ᠪᠦᠯᠬᠦᠮ᠎ᠤᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ ᠪᠠ ᠪᠠᠭᠰᠢ ᠵᠢᠨ ᠱᠠᠩᠨᠠᠯ ᠪᠣᠢ᠃
      (ᠨᠢᠭᠡ) ᠪᠦᠯᠬᠦᠮ᠎ᠤᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ᠂ ᠡᠯ᠎ᠡ ᠠᠶ᠋ᠢᠮᠠᠭ ᠬᠣᠲᠠ ᠵᠢᠨ ᠳᠠᠭᠤᠤ ᠬᠥᠭᠵᠢᠮ᠂ ᠤᠷᠠᠨ ᠵᠢᠷᠤᠭ᠂ ᠤᠷᠠᠨ ᠪᠢᠴᠢᠯᠭᠡ ᠵᠢᠨ ᠬᠢᠴᠢᠶᠡᠯ᠎ᠤᠨ ᠶᠡᠷᠦᠩᠬᠡᠢ ᠬᠢᠷᠢ ᠪᠦᠲᠦᠮᠵᠢ ᠵᠢᠨ ᠨᠡᠷᠡᠰ᠎ᠤᠨ ᠵᠢᠭᠰᠠᠭ᠋ᠠᠯᠲᠠ ᠵᠢ ᠦᠨᠳᠦᠰᠦᠯᠡᠨ᠂ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭ᠋ᠠᠷ ᠳᠡᠰ᠎ᠤᠨ ᠱᠠᠩᠨᠠᠯ 2᠂ ᠭᠤᠷᠪᠠᠳᠤᠭ᠋ᠠᠷ ᠳᠡᠰ᠎ᠤᠨ ᠱᠠᠩᠨᠠᠯ 3᠎ᠢ ᠲᠣᠬᠢᠷᠠᠭᠤᠯᠪᠠ᠃
      (ᠬᠣᠶᠠᠷ) ᠪᠠᠭᠰᠢ ᠵᠢᠨ ᠱᠠᠩᠨᠠᠯ᠂ ᠳᠠᠭᠤᠤ ᠬᠥᠭᠵᠢᠮ᠂ ᠤᠷᠠᠨ ᠵᠢᠷᠤᠭ᠎ᠤᠨ ᠬᠢᠴᠢᠶᠡᠯ ᠲᠥᠷᠦᠯ᠎ᠢ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ ᠭᠡᠵᠦ ᠬᠤᠪᠢᠶᠠᠵᠤ᠂ ᠤᠷᠠᠨ ᠪᠢᠴᠢᠯᠭᠡ ᠵᠢᠨ ᠬᠢᠴᠢᠶᠡᠯ ᠲᠥᠷᠦᠯ᠎ᠢ ᠪᠠᠭ᠎ᠠ ᠰᠤᠷᠭ᠋ᠠᠭᠤᠯᠢ ᠵᠢᠨ ᠳᠤᠭᠤᠶ᠋ᠢᠯᠠᠩ᠂ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ ᠭᠡᠵᠦ ᠬᠤᠪᠢᠶᠠᠨ᠂ ᠴᠥᠮ ᠲᠤᠰ ᠳᠤᠭᠤᠶ᠋ᠢᠯᠠᠩ᠎ᠤᠨ ᠤᠷᠤᠯᠳᠤᠭ᠋ᠠᠨ᠎ᠳᠤ ᠣᠷᠣᠯᠴᠠᠭᠰᠠᠨ ᠬᠥᠮᠦᠨ᠎ᠤ ᠲᠣᠭ᠋ᠠᠨ᠎ᠤ 10%᠂ 20%᠂ 30% ᠵᠢᠨ ᠬᠠᠷᠢᠴᠠᠯ ᠵᠶ᠋ᠠᠷ ᠨᠢᠭᠡ᠂ ᠬᠣᠶᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠢ ᠲᠣᠬᠢᠷᠠᠭᠤᠯᠤᠨ᠎ᠠ᠃
      ᠳᠣᠯᠣᠭ᠎ᠠ᠂ ᠠᠵᠢᠯᠯᠠᠭ᠎ᠠ ᠵᠢ ᠵᠣᠬᠢᠶᠠᠨ ᠪᠠᠢ᠌ᠭᠤᠯᠬᠤ
      ᠡᠨᠡ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ ᠪᠥᠬᠦ ᠪᠠᠭᠰᠢ ᠵᠢᠨ ᠵᠠᠮ ᠬᠠᠷᠢᠯᠴᠠᠭ᠋ᠠᠨ᠎ᠤ ᠵᠠᠷᠤᠳᠠᠯ᠎ᠢ ᠲᠣᠮᠢᠯᠠᠭᠰᠠᠨ ᠨᠢᠭᠡᠴᠢ ᠡᠭᠦᠷᠭᠡᠯᠡᠵᠦ᠂ ᠦᠵᠡᠭᠦᠯᠭᠡ ᠵᠢᠨ ᠬᠤᠭᠤᠴᠠᠭ᠋ᠠᠨ᠎ᠳᠠᠬᠢ ᠬᠣᠭᠣᠯᠠ ᠬᠣᠨᠣᠭ᠎ᠤᠨ ᠵᠠᠷᠤᠳᠠᠯ ᠵᠡᠷᠭᠡ ᠵᠢ ᠠᠵᠢᠯᠯᠠᠭ᠎ᠠ ᠵᠢ ᠭᠣᠣᠯᠯᠠᠨ ᠡᠷᠬᠢᠯᠡᠭᠰᠡᠨ ᠲᠠᠯ᠎ᠠ᠎ᠠᠴᠠ ᠬᠠᠷᠢᠭᠤᠴᠠᠨ᠎ᠠ᠃ ᠬᠢᠴᠢᠶᠡᠯᠯᠡᠬᠦ ᠶᠠᠪᠤᠴᠠ ᠵᠢ ᠰᠦᠯᠵᠢᠶᠡᠨ᠎ᠳᠤ ᠰᠢᠭᠤᠳ ᠨᠡᠪᠲᠡᠷᠡᠭᠦᠯᠬᠦ ᠵᠢᠨ ᠬᠠᠮᠲᠤ ᠪᠦᠬᠦ ᠶᠠᠪᠤᠴᠠ ᠵᠢ ᠰᠢᠩᠭᠡᠭᠡᠨ ᠦᠢ᠍ᠯᠡᠳᠴᠦ᠂ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠰᠢᠯᠢᠳᠡᠭ᠎ᠢ ᠰᠣᠩᠭᠤᠨ ᠥᠪᠥᠷ ᠮᠣᠩᠭᠣᠯ᠎ᠤᠨ ᠣᠶᠤᠨᠴᠢ ᠰᠤᠷᠭ᠋ᠠᠨ ᠬᠥᠮᠦᠵᠢᠯ ᠵᠡᠷᠭᠡ ᠵᠠᠭᠤᠴᠢᠯᠠᠭᠤᠷ ᠪᠠ ᠲᠠᠪᠴᠠᠩ᠎ᠳᠤ ᠤᠬᠠᠭᠤᠯᠤᠨ ᠮᠡᠳᠡᠭᠡᠯᠡᠵᠦ᠂ ᠬᠥᠳᠡᠯᠦᠩᠭᠦᠢ᠎ᠪᠠᠷ ᠳᠡᠯᠭᠡᠨ ᠦᠵᠡᠭᠦᠯᠬᠦ ᠵᠢᠨ ᠬᠠᠮᠲᠤ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠮᠢᠶᠠᠷᠤᠨ᠎ᠠ᠃
      ᠨᠠᠢ᠍ᠮᠠ᠂ ᠮᠡᠳᠡᠭᠦᠯᠬᠦ ᠱᠠᠭ᠋ᠠᠷᠳᠠᠯᠭ᠎ᠠ
      ᠡᠯ᠎ᠡ ᠠᠶ᠋ᠢᠮᠠᠭ ᠬᠣᠲᠠ 2024 ᠣᠨ᠎ᠤ 5 ᠰᠠᠷ᠎ᠠ ᠵᠢᠨ 25᠎ᠤ ᠡᠳᠦᠷ᠎ᠠᠴᠠ ᠡᠮᠦᠨ᠎ᠡ᠂ ᠲᠤᠰ ᠠᠶ᠋ᠢᠮᠠᠭ ᠬᠣᠲᠠ ᠵᠢᠨ ᠵᠣᠬᠢᠶᠠᠨ ᠪᠠᠶ᠋ᠢᠭᠤᠯᠵᠤ ᠥᠷᠨᠢᠭᠦᠯᠬᠦ  ᠠᠵᠢᠯᠯᠠᠭ᠋ᠠᠨ᠎ᠤ ᠠᠵᠢᠯ᠎ᠤᠨ ᠳ᠋ᠦᠩᠨᠡᠯᠲᠡ᠂ ᠦᠵᠡᠭᠦᠯᠭᠡ᠎ᠳᠤ ᠣᠷᠣᠯᠴᠠᠬᠤ ᠪᠠᠭᠰᠢ ᠵᠢ ᠲᠠᠨᠢᠯᠴᠠᠭᠤᠯᠬᠤ ᠬᠦᠰᠦᠨᠦᠭᠲᠦ (ᠳᠠᠭ᠋ᠠᠯᠳᠤᠭᠤᠯᠤᠯ 1) ᠪᠠ ᠬᠤᠷᠢᠶᠠᠩᠭᠤᠢ ᠬᠦᠰᠦᠨᠦᠭᠲᠦ (ᠳᠠᠭ᠋ᠠᠯᠳᠤᠭᠤᠯᠤᠯ 2) ᠎ᠳᠤ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ PDF ᠬᠡᠯᠪᠡᠷᠢ ᠵᠢ ᠰᠢᠷᠪᠢᠵᠦ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠣᠭᠳᠠᠭᠰᠠᠨ ᠢᠮᠧᠯ (ᠡᠭᠦᠨ᠎ᠳᠤ ᠬᠤᠷᠢᠶᠠᠩᠭᠤᠢ ᠬᠦᠰᠦᠨᠦᠭᠲᠦ ᠵᠢᠨ word  ᠡᠯᠧᠺᠲᠷᠣᠨ ᠬᠡᠪᠯᠡᠯ᠎ᠢ ᠬᠠᠩᠭ᠋ᠠᠨ᠎ᠠ)᠄ nmgmy1002@163.com᠎ᠳᠤ ᠢᠯᠡᠭᠡᠭᠡᠷᠡᠢ᠃
       ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠪᠠ ᠬᠥᠳᠡᠯᠮᠦᠷᠢ ᠵᠢᠨ ᠬᠥᠮᠥᠵᠢᠯ᠎ᠤᠨ ᠭᠠᠵᠠᠷ᠂ ᠾᠥᠩ ᠯᠢᠩ᠂ 0471 - 2857003᠂ ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠰᠢ ᠵᠢᠶᠠᠨ ᠪᠢᠩ᠂ 15034949917
   
      ᠳᠠᠭ᠋ᠠᠯᠳᠤᠭᠤᠯᠤᠯ᠄
      1. ᠦᠵᠡᠭᠦᠯᠭᠡ᠎ᠳᠤ ᠣᠷᠣᠯᠴᠠᠬᠤ ᠪᠠᠭᠰᠢ ᠵᠢ ᠲᠠᠨᠢᠯᠴᠠᠭᠤᠯᠬᠤ ᠬᠦᠰᠦᠨᠦᠭᠲᠦ
      2. ᠦᠵᠡᠭᠦᠯᠭᠡ᠎ᠳᠤ ᠣᠷᠣᠯᠴᠠᠬᠤ ᠪᠠᠭᠰᠢ ᠵᠢᠨ ᠬᠤᠷᠢᠶᠠᠩᠭᠤᠢ ᠬᠦᠰᠦᠨᠦᠭᠲᠦ
  
         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                2024 ᠣᠨ᠎ᠤ 3 ᠰᠠᠷ᠎ᠠ ᠵᠢᠨ 8᠎ᠤ ᠡᠳᠦᠷ


ᠳᠠᠭ᠋ᠠᠯᠳᠤᠭᠤᠯᠤᠯ᠄ 1-2.doc


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号