ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠤᠷᠰᠢᠯᠲᠠ ᠵᠢᠨ ᠵᠢᠭ᠋ᠠᠨ ᠰᠤᠷᠭ᠋ᠠᠯᠲᠠ ᠪᠠ ᠵᠢᠭ᠋ᠠᠨ ᠰᠤᠷᠭ᠋ᠠᠯᠲᠠ ᠵᠢᠨ ᠲᠤᠷᠰᠢᠯᠲᠠ ᠵᠢᠨ ᠲᠠᠰᠤᠭ᠎ᠢ ᠪᠠᠢ᠌ᠭᠤᠯᠬᠤ ᠰᠤᠳᠤᠯᠭ᠋ᠠᠨ᠎ᠤ ᠲᠥᠷᠥᠯ ᠵᠦᠢ᠍ᠯ ᠵᠶ᠋ᠠᠷ ᠲᠠᠨᠢᠯᠴᠠᠭᠤᠯᠬᠤ ᠨᠡᠷᠡᠰ᠎ᠤᠨ ᠲᠤᠬᠠᠢ ᠢᠯᠡ ᠨᠡᠢ᠌ᠲᠡᠯᠡᠯ
ᠨᠡᠶ᠋ᠢᠲᠡᠯᠡᠭᠰᠡᠨ ᠴᠠᠭ᠄ 2024-03-21

      《ᠰᠤᠷᠭ᠋ᠠᠨ ᠬᠥᠮᠦᠵᠢᠯ᠎ᠤᠨ ᠶᠠᠮᠤᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠵᠤᠷᠭ᠋ᠠᠨ᠎ᠤ ᠲᠤᠷᠰᠢᠯᠲᠠ ᠵᠢᠨ ᠵᠢᠭ᠋ᠠᠨ ᠰᠤᠷᠭ᠋ᠠᠯᠲᠠ ᠪᠠ ᠵᠢᠭ᠋ᠠᠨ ᠰᠤᠷᠭ᠋ᠠᠯᠲᠠ ᠵᠢᠨ ᠲᠤᠷᠰᠢᠯᠲᠠ ᠵᠢᠨ ᠲᠠᠰᠤᠭ᠎ᠢ ᠪᠠᠢ᠌ᠭᠤᠯᠬᠤ ᠰᠤᠳᠤᠯᠭ᠋ᠠᠨ᠎ᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠰᠤᠷᠭ᠋ᠠᠨ ᠳᠡᠭᠡᠳᠦ ᠵᠤᠷᠭ᠋ᠠᠨ ᠪᠢᠴᠢᠭ [2024] 1 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠠᠵᠢᠯ᠎ᠤᠨ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠶᠡᠬᠡ ᠳᠡᠭᠡᠳᠦ ᠰᠤᠷᠭ᠋ᠠᠭᠤᠯᠢ᠎ᠠᠴᠠ ᠮᠡᠳᠡᠭᠦᠯᠬᠦ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠬᠢᠨᠠᠨ ᠲᠣᠭᠲᠠᠭ᠋ᠠᠬᠤ᠎ᠪᠠᠷ ᠳᠠᠮᠵᠢᠨ᠂ 5 ᠲᠥᠷᠥᠯ ᠵᠦᠢ᠍ᠯ᠎ᠢ ᠰᠤᠷᠭ᠋ᠠᠨ ᠬᠥᠮᠦᠵᠢᠯ᠎ᠤᠨ ᠶᠠᠮᠤᠨ᠎ᠳᠤ ᠲᠠᠨᠢᠯᠴᠠᠭᠤᠯᠬᠤ᠎ᠪᠠᠷ ᠲᠣᠭᠲᠠᠪᠠ᠃ ᠡᠳᠦᠭᠡ ᠢᠯᠡ ᠨᠡᠢ᠌ᠲᠡᠯᠡᠪᠡ᠂ ᠢᠯᠡ ᠨᠡᠶ᠋ᠢᠲᠡᠯᠡᠬᠦ ᠬᠤᠭᠤᠴᠠᠭ᠎ᠠ 2024 ᠣᠨ᠎ᠤ 3 ᠰᠠᠷ᠎ᠠ ᠵᠢᠨ 21- 3 ᠰᠠᠷ᠎ᠠ ᠵᠢᠨ 27᠎ᠤ ᠡᠳᠦᠷ᠂ 5 ᠠᠵᠢᠯᠯᠠᠬᠤ ᠡᠳᠦᠷ ᠪᠣᠯᠤᠨ᠎ᠠ᠃
      ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠯ᠎ᠳᠤ ᠰᠠᠨᠠᠯ᠎ᠲᠠᠢ ᠪᠣᠯ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠲᠤᠰᠬᠠᠬᠤ ᠵᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ᠂ ᠬᠢᠨᠠᠨ ᠪᠠᠶ᠋ᠢᠴᠠᠭ᠋ᠠᠬᠤ᠎ᠳᠤ ᠳᠥᠭᠥᠮ ᠦᠵᠡᠭᠦᠯᠦᠨ᠎ᠡ᠃ ᠨᠢᠭᠡᠴᠢ ᠵᠢᠨ ᠨᠡᠷ᠎ᠡ᠎ᠪᠠᠷ ᠲᠤᠰᠬᠠᠭᠰᠠᠨ ᠪᠣᠯ᠂ ᠨᠢᠭᠡᠴᠢ ᠵᠢᠨ ᠬᠠᠷᠢᠯᠴᠠᠬᠤ ᠬᠥᠮᠦᠨ᠎ᠤ ᠣᠪᠣᠭ ᠨᠡᠷ᠎ᠡ᠂ ᠬᠠᠷᠢᠯᠴᠠᠬᠤ ᠤᠲᠠᠰᠤ ᠵᠢ ᠬᠠᠩᠭ᠋ᠠᠬᠤ ᠵᠢᠨ ᠬᠠᠮᠲᠤ ᠲᠤᠰ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ; ᠬᠤᠪᠢ ᠬᠥᠮᠦᠨ᠎ᠤ ᠨᠡᠷ᠎ᠡ᠎ᠪᠠᠷ ᠲᠤᠰᠬᠠᠭᠰᠠᠨ ᠪᠣᠯ᠂ ᠦᠨᠡᠨ ᠪᠣᠳᠠᠲᠠᠢ ᠣᠪᠣᠭ ᠨᠡᠷ᠎ᠡ᠎ᠪᠠᠨ ᠪᠢᠴᠢᠬᠦ ᠵᠢᠨ ᠬᠠᠮᠲᠤ ᠪᠡᠶ᠎ᠡ ᠵᠢᠨ ᠦᠨᠡᠮᠯᠡᠯ᠎ᠤᠨ ᠨᠣᠮᠧᠷ᠂ ᠠᠵᠢᠯᠯᠠᠵᠤ ᠪᠠᠶ᠋ᠢᠭ᠎ᠠ ᠨᠢᠭᠡᠴᠢ ᠪᠠ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠢ᠃ ᠮᠠᠨ᠎ᠤ ᠲᠢᠩᠬᠢᠮ᠎ᠠᠴᠠ ᠰᠠᠨᠠᠯ ᠳᠤᠷᠠᠳᠤᠭᠰᠠᠨ ᠨᠢᠭᠡᠴᠢ ᠪᠣᠯᠤᠨ ᠬᠤᠪᠢ ᠬᠥᠮᠦᠨ᠎ᠤ ᠬᠣᠯᠪᠣᠭᠳᠠᠯ ᠪᠦᠬᠦᠢ ᠮᠡᠳᠡᠭᠡ ᠵᠠᠩᠭᠢ ᠵᠢᠨ ᠨᠢᠭᠤᠴᠠ ᠵᠢ ᠴᠢᠩᠭ᠎ᠠ ᠬᠠᠮᠠᠭ᠋ᠠᠯᠠᠨ᠎ᠠ᠃ ᠲᠣᠭᠲᠠᠭ᠋ᠠᠯ ᠪᠠ ᠱᠠᠭ᠋ᠠᠷᠳᠠᠯᠭ᠎ᠠ᠎ᠳᠤ ᠦᠯᠦ ᠨᠡᠢ᠌ᠴᠡᠭᠰᠡᠨ ᠰᠠᠨᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
      ᠬᠠᠷᠢᠯᠴᠠᠬᠤ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ 606 ᠠᠯᠪᠠᠨ ᠭᠡᠷ᠂ ᠰᠢᠤᠳᠠᠨ ᠨᠣᠮᠧᠷ 010010᠂ ᠬᠠᠷᠢᠯᠴᠠᠬᠤ ᠤᠲᠠᠰᠤ᠄ 0471 - 2856629᠂ ᠢᠮᠧᠯ᠄ nmggjc@163.com
   
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠵᠢᠭ᠋ᠠᠨ ᠰᠤᠷᠭ᠋ᠠᠯᠲᠠ ᠪᠠ ᠵᠢᠭ᠋ᠠᠨ ᠰᠤᠷᠭ᠋ᠠᠯᠲᠠ ᠵᠢᠨ ᠲᠤᠷᠰᠢᠯᠲᠠ ᠵᠢᠨ ᠲᠠᠰᠤᠭ᠎ᠢ ᠪᠠᠢ᠌ᠭᠤᠯᠬᠤ ᠰᠤᠳᠤᠯᠭ᠋ᠠᠨ᠎ᠤ ᠲᠥᠷᠥᠯ ᠵᠦᠢ᠍ᠯ ᠵᠶ᠋ᠡᠷ ᠲᠠᠨᠢᠯᠴᠠᠭᠤᠯᠬᠤ ᠨᠡᠷᠡᠰ᠎ᠤᠨ ᠢᠯᠡ ᠨᠡᠢ᠌ᠲᠡᠯᠡᠯ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                 2024 ᠣᠨ᠎ᠤ 3 ᠰᠠᠷ᠎ᠠ ᠵᠢᠨ 20᠎ᠤ ᠡᠳᠦᠷ


ᠳᠠᠭ᠋ᠠᠯᠳᠤᠭᠤᠯᠤᠯ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠵᠢᠭ᠋ᠠᠨ ᠰᠤᠷᠭ᠋ᠠᠯᠲᠠ ᠪᠠ ᠵᠢᠭ᠋ᠠᠨ ᠰᠤᠷᠭ᠋ᠠᠯᠲᠠ ᠵᠢᠨ ᠲᠤᠷᠰᠢᠯᠲᠠ ᠵᠢᠨ ᠲᠠᠰᠤᠭ᠎ᠢ ᠪᠠᠢ᠌ᠭᠤᠯᠬᠤ ᠰᠤᠳᠤᠯᠭ᠋ᠠᠨ᠎ᠤ ᠲᠥᠷᠥᠯ ᠵᠦᠢ᠍ᠯ ᠵᠶ᠋ᠡᠷ ᠲᠠᠨᠢᠯᠴᠠᠭᠤᠯᠬᠤ ᠨᠡᠷᠡᠰ᠎ᠤᠨ ᠢᠯᠡ ᠨᠡᠢ᠌ᠲᠡᠯᠡᠯ .xls

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号