ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠡᠭᠡᠳᠦ ᠳᠡᠰ᠎ᠤᠨ ᠴᠢᠳᠠᠪᠤᠷᠢᠲᠠᠨ ᠵᠶ᠋ᠠᠷ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠨᠡᠷᠡᠰ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-04-22

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠬᠡᠷᠡᠭᠵᠢᠭᠦᠯᠬᠦ ᠠᠷᠭ᠎ᠠ》 (ᠥᠪᠥᠷ ᠵᠠᠰᠠᠭ ᠲᠠᠷᠬᠠᠭ᠋ᠠᠭᠰᠠᠨ [2017] 77 ᠳ᠋ᠤᠭ᠋ᠠᠷ           ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉᠎ᠪᠠᠷ ᠣᠷᠣᠭᠤᠯᠤᠨ ᠠᠪᠴᠢᠷᠠᠬᠤ ᠵᠢ ᠳᠠᠩᠰᠠᠯᠠᠬᠤ ᠳᠦᠷᠢᠮ᠎ᠤᠨ ᠬᠣᠯᠪᠣᠭᠳᠠᠯ ᠪᠦᠬᠦᠢ ᠵᠦᠢ᠍ᠯ᠎ᠤᠨ ᠲᠤᠬᠠᠢ ᠮᠡᠳᠡᠭᠳᠡᠯ》 (ᠥᠪᠥᠷ ᠬᠥᠮᠦᠨ᠎ᠤ ᠬᠦᠴᠦᠨ ᠨᠡᠶ᠋ᠢᠭᠡᠮ ᠲᠠᠷᠬᠠᠭ᠋ᠠᠭᠰᠠᠨ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ᠂ ᠨᠡᠷ᠎ᠡ ᠮᠡᠳᠡᠭᠦᠯᠵᠦ ᠬᠢᠨᠠᠨ ᠪᠠᠶ᠋ᠢᠴᠠᠭ᠋ᠠᠬᠤ ᠵᠢ ᠵᠣᠬᠢᠶᠠᠨ ᠪᠠᠢ᠌ᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱ᠌ᠢᠬᠦ᠂ ᠪᠠᠶ᠋ᠢᠴᠠᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠬᠢᠬᠦ ᠵᠡᠷᠭᠡ ᠳᠡᠰ ᠳᠠᠷᠠᠭ᠋ᠠᠯᠠᠯ᠎ᠢ ᠨᠡᠶ᠋ᠢᠲᠡᠯᠡᠵᠦ᠂ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠴᠢᠳᠠᠪᠤᠷᠢᠲᠠᠨ ᠎ᠤ ᠬᠡᠪᠴᠢᠶᠡᠨ᠎ᠳᠤ 1 ᠬᠥᠮᠦᠨ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ ᠳᠡᠰ᠎ᠤᠨ ᠴᠢᠳᠠᠪᠤᠷᠢᠲᠠᠨ᠎ᠢ ᠢᠯᠡ ᠨᠡᠶ᠋ᠢᠲᠡᠯᠡᠪᠡ᠃
      ᠨᠢᠭᠡ᠂ ᠢᠯᠡ ᠨᠡᠶ᠋ᠢᠲᠡᠯᠡᠬᠦ ᠡᠲᠡᠭᠡᠳ
      ᠸᠧᠨ ᠹᠠᠩ᠂ ᠡᠮᠡᠭᠲᠡᠢ᠂ 1991 ᠣᠨ᠎ᠤ 8 ᠰᠠᠷ᠎ᠠ᠂ ᠳ᠋ᠣᠺᠲ᠋ᠣᠷᠠᠨᠲ᠂ ᠥᠪᠥᠷ ᠮᠣᠩᠭᠣᠯ᠎ᠤᠨ  ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠢᠳᠡᠭᠡᠨ ᠤᠮᠳᠠᠭ᠋ᠠᠨ᠎ᠤ ᠰᠠᠯᠪᠤᠷᠢ ᠵᠢᠨ ᠲᠤᠰᠬᠠᠢ ᠪᠠᠭᠰᠢ ᠵᠢᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠲᠥᠯᠥᠪᠯᠡᠵᠦ ᠪᠤᠢ᠃
      ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
      2024 ᠣᠨ᠎ᠤ 4 ᠰᠠᠷ᠎ᠠ ᠵᠢᠨ 18 - 2024 ᠣᠨ᠎ᠤ 4 ᠰᠠᠷ᠎ᠠ ᠵᠢᠨ 24᠎ᠤ ᠡᠳᠦᠷ
      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
       ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠭᠰᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠂ ᠮᠠᠲ᠋ᠧᠷᠢᠶᠠᠯ᠎ᠳᠤ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠬᠤᠪᠢ ᠬᠥᠮᠦᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠬᠤ ᠴᠢᠬᠤᠯᠠᠲᠠᠢ᠃
      ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨ᠎ᠡ 9᠄ 00-12᠄ 00᠂

      ᠦᠳᠡ ᠵᠢᠨ ᠬᠣᠶ᠋ᠢᠨ᠎ᠠ 14᠄ 30-17᠄ 00
      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 - 5279674᠂ 0471 - 5279953


          ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ

           ᠠᠵᠢᠯ  ᠮᠡᠷᠭᠡᠵᠢᠯ᠎ᠤᠨ ᠳᠡᠭᠡᠳᠦ ᠰᠤᠷᠭ᠋ᠠᠭᠤᠯᠢ 
           2024 ᠣᠨ᠎ᠤ 4 ᠰᠠᠷ᠎ᠠ ᠵᠢᠨ 18᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号