ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢᠨ ᠪᠡᠯᠡ ᠮᠥᠩᠭᠥ ᠣᠯᠭᠣᠬᠤ᠎ᠪᠠᠷ ᠲᠠᠨᠢᠯᠴᠠᠭᠤᠯᠬᠤ᠎ᠪᠠᠷ ᠪᠠᠶ᠋ᠢᠭ᠎ᠠ ᠡᠲᠡᠭᠡᠳ᠎ᠢ ᠢᠯᠡ ᠨᠡᠶ᠋ᠢᠲᠡᠯᠡᠬᠦ ᠲᠤᠬᠠᠢ ᠠᠯᠪᠠᠨ ᠵᠡᠷᠯᠠᠯ
ᠨᠡᠶ᠋ᠢᠲᠡᠯᠡᠭᠰᠡᠨ ᠴᠠᠭ᠄ 2024-04-29

      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢᠨ ᠪᠡᠯᠡ ᠮᠥᠩᠭᠦ ᠣᠯᠭᠣᠬᠤ ᠬᠥᠮᠦᠰ᠎ᠢ ᠰᠣᠩᠭᠣᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠥᠪᠥᠷ ᠬᠥᠮᠦᠨ᠎ᠤ ᠬᠦᠴᠦᠨ ᠨᠡᠶ᠋ᠢᠭᠡᠮ ᠪᠢᠴᠢᠭ [2024] 17 ᠳ᠋ᠤᠭ᠋ᠠᠷ ᠲᠣᠭ᠋ᠠᠲᠤ) ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠠ 5 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ᠂ 2024 ᠣᠨ᠎ᠤ ᠵᠠᠰᠠᠭ᠎ᠤᠨ ᠣᠷᠳᠣᠨ᠎ᠤ ᠣᠨᠴᠠ ᠨᠡᠮᠡᠭᠦᠷᠢ ᠵᠢᠨ ᠪᠡᠯᠡ ᠮᠥᠩᠭᠦ ᠣᠯᠭᠣᠬᠤ ᠬᠥᠮᠦᠰ᠎ᠢ ᠲᠠᠨᠢᠯᠴᠠᠭᠤᠯᠬᠤ ᠠᠵᠢᠯ᠎ᠢ ᠥᠷᠨᠢᠭᠦᠯᠪᠡ᠃ ᠡᠳᠦᠭᠡ᠂ ᠰᠤᠷᠭ᠋ᠠᠨ ᠬᠥᠮᠥᠵᠢᠯ᠎ᠤᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠣᠯᠤᠨ 5 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠠᠨᠢᠯᠴᠠᠭᠤᠯᠬᠤ᠎ᠪᠠᠷ ᠪᠠᠢ᠌ᠭ᠎ᠠ ᠬᠥᠮᠦᠰ᠎ᠢ ᠢᠯᠡ ᠨᠡᠶ᠋ᠢᠲᠡᠯᠡᠪᠡ᠃
      ᠨᠢᠭᠡ᠂ ᠢᠯᠡ ᠨᠡᠢ᠌ᠲᠡᠯᠡᠭᠰᠡᠳ
      ᠥᠪᠥᠷ ᠮᠣᠩᠭᠣᠯ᠎ᠤᠨ ᠬᠤᠳᠠᠯᠳᠤᠭ᠎ᠠ ᠠᠷᠠᠯᠵᠢᠶᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ    ᠹᠠᠨ ᠸᠧᠨ ᠪᠢᠨ
      ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ   ᠬᠠᠨ ᠯᠢ ᠮᠢᠨ
      ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ    ᠯᠧᠢ ᠪᠢᠶᠣᠤ
      ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ   ᠯᠢᠨ ᠮᠢᠨ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭ᠋ᠠᠬᠤ ᠵᠢ ᠰᠤᠳᠤᠯᠬᠤ ᠲᠠᠰᠤᠭ     ᠿᠧᠨ ᠵᠢᠶᠠᠨ ᠰᠢᠨ
      ᠥᠪᠥᠷ ᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠵᠢᠭ᠋ᠠᠬᠤ ᠵᠢ ᠰᠤᠳᠤᠯᠬᠤ ᠲᠠᠰᠤᠭ   ᠰᠡᠴᠦᠩᠭᠡ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ
      ᠤᠬᠠᠭ᠋ᠠᠨ᠎ᠤ ᠰᠣᠳᠤᠯᠭ᠋ᠠᠨ ᠪᠣᠯᠤᠨ ᠬᠢᠨᠠᠨ ᠪᠠᠢ᠌ᠴᠠᠭ᠋ᠠᠵᠤ ᠦᠨᠡᠯᠡᠨ ᠵᠢᠱ᠌ᠢᠬᠦ ᠬᠦᠷᠢᠶᠡᠯᠡᠩ    ᠰᠦᠨ ᠮᠧᠢ
      ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ   ᠸᠠᠩ ᠰᠢᠦᠢ
      ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ  ᠮᠡᠷᠭᠡᠵᠢᠯ᠎ᠤᠨ ᠳᠡᠭᠡᠳᠦ ᠰᠤᠷᠭ᠋ᠠᠭᠤᠯᠢ  ᠶᠢᠨ ᠬᠤᠸᠠ
      ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
      ᠢᠯᠡ ᠨᠡᠶ᠋ᠢᠲᠡᠯᠡᠬᠦ ᠴᠠᠭ᠄ 2024 ᠣᠨ᠎ᠤ 4 ᠰᠠᠷ᠎ᠠ ᠵᠢᠨ 28 - 5 ᠰᠠᠷ᠎ᠠ ᠵᠢᠨ 7᠎ᠤ ᠡᠳᠦᠷ ᠪᠣᠯᠤᠨ᠎ᠠ᠃
      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
       ᠨᠢᠭᠡᠴᠢ ᠪᠠ ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠢᠯᠡ ᠨᠡᠶ᠋ᠢᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠳᠥᠭᠥᠮ ᠦᠵᠡᠭᠦᠯᠬᠦ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠦᠬᠦᠢ ᠰᠦᠪᠡᠭᠴᠢ ᠬᠠᠩᠭ᠋ᠠᠬᠤ ᠵᠢᠨ ᠬᠠᠮᠲᠤ ᠲᠤᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠵᠤ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠪᠠᠢ᠌ᠴᠠᠭ᠋ᠠᠭᠰᠠᠨ ᠪᠠᠶ᠋ᠢᠳᠠᠯ᠎ᠢ ᠴᠠᠭ ᠲᠤᠬᠠᠢ᠎ᠳᠤ᠎ᠨᠢ ᠬᠠᠷᠢᠭᠤ ᠲᠤᠰᠬᠠᠨ᠎ᠠ᠃
      ᠢᠯᠡ ᠨᠡᠶ᠋ᠢᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ ᠎ᠤᠨ ᠲᠢᠩᠬᠢᠮ᠎ᠤᠨ ᠠᠯᠪᠠᠨ ᠠᠰᠠᠷ᠎ᠤᠨ 911 ᠥᠷᠥᠭᠡ᠂ 805 ᠤᠢ᠍ᠷᠤᠭᠡ᠎ᠳᠤ ᠲᠣᠬᠢᠷᠠᠭᠤᠯᠪᠠ᠃
      ᠬᠦᠯᠢᠶᠡᠨ ᠠᠪᠴᠤ ᠰᠢᠢ᠍ᠳᠪᠦᠷᠢᠯᠡᠬᠦ ᠴᠠᠭ᠄
       ᠠᠵᠢᠯ᠎ᠤᠨ ᠡᠳᠦᠷ᠎ᠤᠨ ᠦᠳᠡ ᠵᠢᠨ ᠡᠮᠦᠨ᠎ᠡ 9᠄ 00 - 12᠄ 00

      ᠦᠳᠡ ᠵᠢᠨ ᠬᠣᠶ᠋ᠢᠨ᠎ᠠ 14᠄ 30 - 17᠄ 30
      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ  ᠵᠢ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ 0471 - 2856911᠂ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠵᠢ ᠪᠠᠶ᠋ᠢᠴᠠᠭ᠋ᠠᠬᠤ  ᠬᠣᠷᠢᠶ᠎ᠠ 0471 - 2856026
      ᠣᠨᠴᠠᠭ᠋ᠠᠶ᠋ᠢᠯᠠᠨ ᠢᠯᠡ ᠨᠡᠶ᠋ᠢᠲᠡᠯᠡᠪᠡ᠃


       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2024 ᠣᠨ᠎ᠤ 4 ᠰᠠᠷ᠎ᠠ ᠵᠢᠨ 26᠎ᠤ ᠡᠳᠦᠷ
   

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号