ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠬᠠᠢ ᠬᠣᠲᠠ ᠵᠢᠨ ᠬᠠᠶ᠋ᠢᠨᠠᠨ ᠲᠣᠭᠣᠷᠢᠭ᠂ ᠬᠠᠶ᠋ᠢᠷᠤᠪ᠎ᠤᠨ ᠲᠣᠬᠣᠢ ᠲᠣᠭᠣᠷᠢᠭ᠎ᠲᠤ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-04-03

      ᠰᠤᠷᠭ᠋ᠠᠨ ᠬᠥᠮᠦᠵᠢᠯ᠎ᠤᠨ ᠶᠠᠮᠤᠨ᠎ᠤ 《ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ  ᠬᠢᠨᠠᠨ ᠵᠢᠯᠣᠭᠣᠳᠴᠤ ᠦᠨᠡᠯᠡᠨ ᠵᠢᠱ᠌ᠢᠬᠦ ᠠᠷᠭ᠎ᠠ》 (ᠰᠤᠷᠭ᠋ᠠᠨ ᠬᠢᠨᠠᠨ ᠵᠢᠯᠣᠭᠣᠳᠬᠤ  [2017] 6 ᠳ᠋ᠤᠭ᠋ᠠᠷ ᠲᠣᠭ᠋ᠠᠲᠤ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ᠎ᠤᠨ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠬᠡᠷᠡᠭᠵᠢᠭᠦᠯᠬᠦ ᠠᠷᠭ᠎ᠠ》 (ᠥᠪᠥᠷ ᠰᠤᠷᠭ᠋ᠠᠨ ᠬᠢᠨᠠᠨ ᠵᠢᠯᠣᠭᠣᠳᠬᠤ [2018] 6 ᠳ᠋ᠤᠭ᠋ᠠᠷ ᠲᠣᠭ᠋ᠠᠲᠤ) ᠶᠣᠰᠣᠭ᠋ᠠᠷ᠂ ᠰᠤᠳᠤᠯᠬᠤ᠎ᠪᠠᠷ ᠳᠠᠮᠵᠢᠨ᠂ 2024 ᠣᠨ᠎ᠤ 4 ᠳ᠋ᠦ᠍ᠭᠡᠷ ᠰᠠᠷ᠎ᠠ ᠵᠢᠨ 8 - 17᠎ᠤ ᠡᠳᠦᠷ᠂ ᠦᠬᠠᠢ ᠬᠣᠲᠠ ᠵᠢᠨ ᠬᠠᠶ᠋ᠢᠨᠠᠨ ᠲᠣᠭᠣᠷᠢᠭ᠂ ᠬᠠᠶ᠋ᠢᠷᠤᠪ᠎ᠤᠨ ᠲᠣᠬᠣᠢ ᠲᠣᠭᠣᠷᠢᠭ᠎ᠲᠤ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢᠨ ᠮᠤᠵᠢ ᠵᠢᠨ ᠳᠡᠰ᠎ᠤᠨ ᠬᠢᠨᠠᠨ ᠵᠢᠯᠣᠭᠣᠳᠴᠤ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ᠎ᠪᠠᠷ ᠲᠣᠭᠲᠠᠪᠠ᠃ ᠦᠨᠡᠯᠡᠨ ᠵᠢᠱ᠌ᠢᠬᠦ ᠬᠤᠭᠤᠴᠠᠭ᠋ᠠᠨ᠎ᠳᠤ ᠬᠡᠷᠪᠡ ᠬᠠᠮᠢᠶ᠎ᠠ ᠪᠦᠬᠦᠢ ᠵᠦᠢ᠍ᠯ᠎ᠳᠤ ᠰᠠᠨᠠᠯ᠎ᠲᠠᠢ ᠪᠣᠯ᠂ ᠤᠲᠠᠰᠤ᠂  ᠢᠮᠧᠯ ᠵᠡᠷᠭᠡ ᠬᠡᠯᠪᠡᠷᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ᠎ᠲᠤ ᠲᠤᠰᠬᠠᠭ᠋ᠠᠷᠠᠢ᠃
      ᠬᠠᠷᠢᠯᠴᠠᠬᠤ ᠤᠲᠠᠰᠤ᠄ 0471 - 2856922; ᠢᠮᠧᠯ᠄ zzqjdwjdb@163.com
      ᠣᠨᠴᠠᠭ᠋ᠠᠶ᠋ᠢᠯᠠᠨ ᠵᠠᠷᠯᠠᠨ ᠨᠡᠶ᠋ᠢᠲᠡᠯᠡᠪᠡ


       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ
       ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ
              2024 ᠣᠨ᠎ᠤ 3 ᠰᠠᠷ᠎ᠠ ᠵᠢᠨ 29᠎ᠤ ᠡᠳᠦᠷ

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号