ᠥᠪᠥᠷ ᠰᠤᠷᠭ᠋ᠠᠨ ᠦᠵᠡᠯ ᠰᠠᠨᠠᠭ᠎ᠠ ᠤᠯᠤᠰ ᠲᠥᠷᠥ ᠪᠢᠴᠢᠭ [2024] 32 ᠳ᠋ᠤᠭ᠋ᠠᠷ ᠲᠣᠭ᠋ᠠᠲᠤ
ᠡᠯ᠎ᠡ ᠶᠡᠬᠡ ᠳᠡᠭᠡᠳᠦ ᠰᠤᠷᠭ᠋ᠠᠭᠤᠯᠢ᠎ᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠶᠡᠬᠡ᠎ᠪᠠᠷ ᠪᠣᠶ᠋ᠢᠵᠢᠭᠤᠯᠤᠨ ᠦᠢ᠍ᠯᠡᠳᠦᠯᠭᠡᠵᠢᠭᠦᠯᠵᠦ᠂ ᠪᠠᠭᠰᠢ ᠰᠤᠷᠤᠭᠴᠢᠳ᠎ᠢ ᠵᠣᠬᠢᠶᠠᠨ ᠪᠠᠶ᠋ᠢᠭᠤᠯᠤᠨ ᠳᠤᠮᠳᠠᠳᠤ ᠵᠢᠨ ᠪᠣᠯᠪᠠᠰᠤᠨ᠎ᠤ ᠲᠡᠦᠬᠡ ᠵᠢ ᠪᠦᠬᠦ ᠲᠠᠯ᠎ᠠ᠎ᠪᠠᠷ ᠭᠦᠨᠵᠡᠭᠡᠢ ᠣᠢ᠌ᠯᠠᠭ᠋ᠠᠭᠤᠯᠬᠤ᠎ᠪᠠᠷ ᠬᠥᠲᠥᠯᠥᠨ ᠵᠢᠯᠣᠭᠣᠳᠴᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ᠎ᠪᠠᠷ ᠵᠢᠯᠣᠭᠣᠳᠤᠭᠤᠯᠤᠨ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠲᠥᠪ ᠭᠣᠣᠯᠴᠢ᠎ᠪᠠᠷ ᠰᠢᠨ᠎ᠡ ᠵᠢ ᠡᠭᠦᠳᠬᠦ ᠵᠢ ᠪᠠᠷᠢᠮᠲᠠᠯᠠᠨ᠂ ᠳᠤᠮᠳᠠᠳᠤ ᠵᠢᠨ ᠰᠣᠶᠣᠯ᠎ᠤᠨ ᠤᠳᠤᠮᠰᠢᠯ᠎ᠢ ᠦᠷᠭᠦᠯᠵᠢᠯᠡᠭᠦᠯᠵᠦ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠦᠨ᠂ ᠬᠤᠪᠢᠰᠬᠠᠯᠲᠤ ᠰᠣᠶᠣᠯ᠎ᠢ ᠪᠠᠳᠠᠷᠠᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ ᠪᠠ ᠰᠢᠨ᠎ᠡ ᠵᠢ ᠡᠭᠦᠳᠦᠨ ᠬᠥᠭᠵᠢᠭᠦᠯᠬᠦ ᠵᠢ ᠠᠬᠢᠭᠤᠯᠤᠨ᠂ ᠰᠣᠶᠣᠯ᠎ᠤᠨ ᠴᠡᠴᠡᠭᠯᠡᠯ᠎ᠢ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠣᠳᠣ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠡᠨᠡ ᠬᠦ᠌ ᠰᠣᠶᠣᠯ᠎ᠤᠨ ᠰᠢᠨ᠎ᠡ ᠡᠭᠦᠷᠭᠡ ᠵᠢ ᠨᠡᠩ ᠰᠠᠶ᠋ᠢᠲᠤᠷ ᠡᠭᠦᠷᠭᠡᠯᠡᠬᠦ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠶᠠᠮᠤᠨ᠎ᠤ ᠶᠡᠷᠦᠩᠬᠡᠢ ᠪᠠᠶ᠋ᠢᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ ᠵᠢ ᠡᠭᠦᠳᠦᠨ ᠪᠠᠶ᠋ᠢᠭᠤᠯᠬᠤ ᠪᠣᠳᠠᠲᠠᠢ ᠪᠠᠶ᠋ᠢᠳᠠᠯ᠎ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ 2024 ᠣᠨ᠎ᠳᠤ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠭᠡᠳᠦᠯᠡᠶ᠎ᠡ》 ᠭᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠮᠡᠳᠡᠭᠳᠡᠪᠡ᠃
ᠨᠢᠭᠡ᠂ ᠠᠵᠢᠯᠯᠠᠭ᠋ᠠᠨ᠎ᠤ ᠭᠣᠣᠯ ᠰᠡᠳᠦᠪ
ᠰᠣᠶᠣᠯ᠎ᠤᠨ ᠤᠳᠤᠮᠰᠢᠯ᠎ᠢ ᠦᠷᠭᠦᠯᠵᠢᠯᠡᠭᠦᠯᠵᠦ ᠢᠲᠡᠭᠡᠯ ᠪᠢᠰᠢᠷᠡᠯ᠎ᠤᠨ ᠰᠠᠭᠤᠷᠢ ᠵᠢ ᠪᠠᠲᠤᠳᠬᠠᠨ ᠵᠠᠯᠠᠭᠤ ᠨᠠᠰᠤᠨ᠎ᠤ ᠢᠷᠠᠭᠤ ᠬᠠᠭᠤᠳᠠᠰᠤ ᠵᠢ ᠪᠢᠴᠢᠭᠯᠡᠰᠦᠭᠡᠢ
ᠬᠣᠶᠠᠷ᠂ ᠠᠵᠢᠯᠯᠠᠭ᠋ᠠᠨ᠎ᠤ ᠴᠠᠭ
2024 ᠣᠨ᠎ᠤ 6 - 12 ᠰᠠᠷ᠎ᠠ
ᠭᠤᠷᠪᠠ᠂ ᠠᠵᠢᠯᠯᠠᠭ᠋ᠠᠨ᠎ᠤ ᠠᠭᠤᠯᠭ᠎ᠠ
(ᠨᠢᠭᠡ) 《ᠤᠤᠷ ᠰᠣᠶᠤᠯ᠎ᠤᠨ ᠰᠣᠳᠤᠯᠤᠯ᠎ᠤᠨ ᠲᠡᠦᠬᠡ ᠵᠢᠨ ᠬᠦᠷᠢᠶᠡᠯᠡᠩ》᠎ᠤᠨ ᠮᠡᠳᠡᠯᠭᠡ ᠵᠢᠨ ᠰᠡᠴᠡᠯᠳᠦᠭᠡᠨ᠃ ᠡᠯ᠎ᠡ ᠶᠡᠬᠡ ᠳᠡᠭᠡᠳᠦ ᠰᠤᠷᠭ᠋ᠠᠭᠤᠯᠢ ᠪᠠᠭᠰᠢ ᠰᠤᠷᠤᠭᠴᠢᠳ᠎ᠢ ᠵᠣᠬᠢᠶᠠᠨ ᠪᠠᠶ᠋ᠢᠭᠤᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠂ ᠰᠢ ᠵᠢᠨ ᠫᠢᠩ ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠤᠤᠷ ᠰᠣᠶᠤᠯ᠎ᠤᠨ ᠰᠣᠳᠤᠯᠤᠯ᠎ᠤᠨ ᠮᠡᠳᠡᠯᠭᠡ ᠵᠢ ᠰᠤᠷᠤᠯᠴᠠᠵᠤ᠂ ᠰᠣᠶᠣᠯ᠎ᠤᠨ ᠲᠡᠦᠬᠡ ᠵᠢ ᠬᠠᠢ᠌ᠨ ᠰᠦᠪᠡᠭᠴᠢᠯᠡᠵᠦ᠂ ᠬᠥᠭᠵᠢᠯᠲᠡ ᠵᠢᠨ ᠰᠤᠳᠠᠰᠤ ᠵᠢ ᠡᠵᠡᠮᠰᠢᠭᠦᠯᠵᠦ᠂ ᠤᠤᠷ ᠰᠣᠶᠤᠯ᠎ᠤᠨ ᠰᠣᠳᠤᠯᠤᠯ᠎ᠤᠨ ᠮᠡᠳᠡᠯᠭᠡ ᠵᠢᠨ ᠰᠡᠴᠡᠯᠳᠦᠭᠡᠨᠤ ᠬᠡᠯᠪᠡᠷᠢ᠎ᠪᠠᠷ ᠲᠠᠪᠤᠨ ᠮᠢᠩᠭ᠋ᠠᠨ ᠵᠢᠯ᠎ᠤᠨ ᠪᠣᠯᠪᠠᠰᠤᠨ᠎ᠤ ᠬᠥᠭᠵᠢᠯᠲᠡ ᠵᠢᠨ ᠶᠠᠪᠤᠴᠠ᠎ᠳᠤ ᠡᠷᠴᠢᠮᠵᠢᠭᠦᠯᠦᠭᠰᠡᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠢ ᠣᠶ᠋ᠢᠯᠠᠭ᠋ᠠᠭᠤᠯᠵᠤ᠂ ᠰᠢᠮ᠎ᠡ ᠲᠡᠵᠢᠭᠡᠯ ᠪᠠ ᠣᠶᠤᠨ ᠤᠬᠠᠭ᠋ᠠᠨ᠎ᠢ ᠰᠢᠩᠭᠡᠭᠡᠨ ᠠᠪᠴᠤ᠂ ᠡᠷᠴᠢ ᠵᠣᠷᠢᠭ᠎ᠢ ᠳᠠᠪᠲᠠᠨ ᠪᠣᠯᠪᠠᠰᠤᠷᠠᠭᠤᠯᠵᠤ᠂ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ ᠰᠣᠶᠣᠯ᠎ᠤᠨ ᠢᠲᠡᠭᠡᠯ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃
(ᠬᠣᠶᠠᠷ) 《ᠰᠣᠶᠤᠯ᠎ᠤᠨ ᠰᠤᠳᠠᠰᠤ ᠵᠢ ᠡᠭᠦᠳᠦᠨ ᠵᠠᠯᠭ᠋ᠠᠮᠵᠢᠯᠠᠶᠠ》 ᠭᠡᠬᠦ ᠶᠡᠬᠡ ᠳᠡᠭᠡᠳᠦ ᠰᠤᠷᠭ᠋ᠠᠭᠤᠯᠢ ᠵᠢᠨ ᠭᠣᠣᠯ ᠰᠡᠳᠦᠪᠲᠦ ᠲᠣᠭ᠋ᠠᠵᠢᠭᠰᠠᠨ ᠪᠢᠴᠢᠯ ᠦᠵᠡᠰᠭᠦᠯᠡᠩ᠎ᠤᠨ ᠬᠣᠯᠪᠤᠭ᠋ᠠᠲᠤ ᠦᠵᠡᠭᠦᠯᠭᠡ᠃ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ᠎ᠬᠢᠨ 《ᠳᠤᠮᠳᠠᠳᠤ ᠵᠢ ᠦᠭᠦᠯᠡᠬᠦ᠎ᠨᠢ - ᠳᠤᠮᠳᠠᠳᠤ ᠵᠢᠨ ᠪᠣᠯᠪᠠᠰᠤᠨ ᠦᠵᠡᠯ ᠰᠠᠨᠠᠭ᠋ᠠᠨ᠎ᠤ ᠡᠬᠢ ᠡᠭᠦᠰᠦᠯ᠎ᠤᠨ ᠡᠷᠢᠯᠬᠢᠯᠡᠯ》᠂ 《ᠭᠤᠸ᠎ᠠ ᠰᠠᠶ᠋ᠢᠬᠠᠨ᠎ᠲᠠᠢ ᠬᠠᠮᠲᠤ - ᠬᠥᠮᠦᠨ ᠲᠥᠷᠦᠯᠬᠢᠲᠡᠨᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠤᠶ᠎ᠠ》 ᠭᠡᠬᠦ ᠬᠣᠶᠠᠷ ᠶᠡᠬᠡ ᠴᠢᠭᠯᠡᠯ᠎ᠤᠨ ᠲᠣᠭᠣᠷᠢᠨ᠎ᠳᠤ᠂ ᠰᠣᠶᠣᠯ᠎ᠤᠨ ᠥᠪ᠎ᠤᠨ ᠲᠣᠭ᠋ᠠᠵᠢᠭᠰᠠᠨ ᠦᠵᠡᠭᠦᠯᠭᠡ ᠵᠢᠨ ᠲᠢᠩᠬᠢᠮ᠎ᠤᠨ ᠪᠦᠲᠦᠭᠡᠨ ᠪᠠᠶ᠋ᠢᠭᠤᠯᠤᠯᠲᠠ ᠪᠠ ᠳᠣᠭ᠋ᠠᠵᠢᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠨᠡᠭᠡᠭᠡᠨ ᠬᠥᠭᠵᠢᠭᠦᠯᠬᠦ᠎ᠲᠠᠢ ᠤᠶᠠᠯᠳᠤᠭᠤᠯᠤᠨ᠂ ᠲᠣᠭ᠋ᠠᠵᠢᠭᠰᠠᠨ ᠪᠢᠴᠢᠯ ᠦᠵᠡᠰᠬᠦᠯᠡᠩ᠎ᠢ ᠲᠥᠯᠦᠪᠯᠡᠪᠡ᠃ ᠰᠤᠷᠭ᠋ᠠᠨ ᠬᠥᠮᠦᠵᠢᠯ᠎ᠤᠨ ᠶᠠᠮᠤᠨ᠎ᠤ᠎ᠬᠢᠨ ᠪᠦᠬᠦ ᠤᠯᠤᠰ᠎ᠤᠨ ᠳᠡᠭᠡᠳᠦ ᠰᠤᠷᠭ᠋ᠠᠭᠤᠯᠢ ᠵᠢᠨ ᠮᠦᠽᠧᠢ ᠵᠢᠨ ᠬᠥᠮᠦᠨ ᠬᠥᠮᠦᠵᠢᠭᠦᠯᠬᠦ ᠬᠣᠯᠪᠣᠭ᠎ᠠ᠎ᠳᠤ ᠲᠦᠰᠢᠭᠯᠡᠨ᠂ ᠰᠢᠯᠢᠳᠡᠭ ᠪᠢᠴᠢᠯ ᠦᠵᠡᠰᠬᠦᠯᠡᠩ᠎ᠢ ᠰᠢᠯᠭ᠋ᠠᠷᠠᠭᠤᠯᠤᠨ᠎ᠠ; ᠪᠦᠬᠦ ᠤᠯᠤᠰ᠎ᠤᠨ ᠶᠡᠬᠡ ᠳᠡᠭᠡᠳᠦ ᠰᠤᠷᠭ᠋ᠠᠭᠤᠯᠢ ᠵᠢᠨ ᠮᠦᠽᠧᠢ ᠵᠢᠨ ᠬᠥᠮᠦᠨ ᠬᠥᠮᠦᠵᠢᠭᠦᠯᠬᠦ ᠬᠣᠯᠪᠣᠭ᠎ᠠ ᠳᠤ ᠲᠦᠰᠢᠭᠯᠡᠨ᠂ ᠰᠢᠯᠢᠳᠡᠭ ᠪᠢᠴᠢᠯ ᠦᠵᠡᠰᠬᠦᠯᠡᠩ᠎ᠤᠨ ᠪᠦᠲᠦᠭᠡᠯ᠎ᠢ ᠰᠣᠩᠭᠣᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠣᠶᠣᠯ᠂ ᠪᠦᠲᠦᠭᠡᠯᠴᠢ ᠰᠡᠳᠬᠢᠮᠵᠢ ᠵᠢ ᠠᠭᠤᠰᠬᠠᠭᠰᠠᠨ ᠲᠣᠭ᠋ᠠᠵᠢᠭᠰᠠᠨ ᠬᠠᠮ ᠦᠵᠡᠰᠬᠦᠯᠡᠩ᠎ᠢ ᠵᠣᠬᠢᠶᠠᠨ ᠪᠠᠢ᠌ᠭᠤᠯᠤᠨ᠎ᠠ᠃
(ᠭᠤᠷᠪᠠ) 《ᠰᠦᠭ᠎ᠢ ᠱᠤᠭᠤᠵᠤ ᠰᠡᠳᠬᠢᠯ᠎ᠢ ᠤᠮᠳᠠᠯᠠᠨᠠᠮ》 ᠭᠡᠬᠦ ᠰᠣᠶᠣᠯ᠎ᠤᠨ ᠬᠥᠮᠦᠨ ᠬᠥᠮᠦᠵᠢᠭᠦᠯᠵᠦ ᠰᠢᠨ᠎ᠡ ᠵᠢ ᠡᠭᠦᠳᠦᠭᠰᠡᠨ ᠠᠵᠢᠯ᠎ᠤᠨ ᠬᠡᠷᠡᠭ᠎ᠤᠨ ᠵᠢᠱ᠌ᠢᠶ᠎ᠡ᠃ ᠡᠯ᠎ᠡ ᠶᠡᠬᠡ ᠳᠡᠭᠡᠳᠦ ᠰᠤᠷᠭ᠋ᠠᠭᠤᠯᠢ ᠬᠤᠪᠢᠰᠬᠠᠯᠲᠤ ᠰᠣᠶᠣᠯ᠎ᠢ ᠪᠠᠳᠠᠷᠠᠭᠤᠯᠬᠤ᠂ ᠬᠤᠪᠢᠰᠬᠠᠯᠲᠤ ᠤᠳᠤᠮᠰᠢᠯ ᠢ ᠤᠯᠠᠮᠵᠢᠯᠠᠬᠤ᠂ ᠬᠤᠪᠢᠰᠬᠠᠯᠲᠤ ᠰᠣᠶᠣᠯ ᠵᠶ᠋ᠠᠷ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠲᠣᠭᠣᠷᠢᠨ᠎ᠳᠤ᠂ ᠠᠵᠢᠯ᠎ᠤᠨ ᠬᠡᠷᠡᠭ᠎ᠤᠨ ᠵᠢᠱ᠌ᠢᠶ᠎ᠡ ᠪᠠ ᠣᠬᠣᠷ ᠸᠢᠳᠢᠣ᠋ ᠵᠢᠨ ᠪᠦᠲᠦᠭᠡᠯ ᠢ ᠪᠦᠷᠢᠯᠳᠦᠭᠦᠯᠪᠡ᠃ ᠰᠤᠷᠭ᠋ᠠᠨ ᠬᠥᠮᠦᠵᠢᠯ᠎ᠤᠨ ᠶᠠᠮᠤᠨ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠤᠨ ᠡᠮᠬᠢᠳᠬᠡᠵᠦ᠂ ᠰᠢᠨ᠎ᠡ ᠴᠠᠭ ᠦᠶ᠎ᠡ ᠵᠢᠨ ᠶᠡᠬᠡ ᠳᠡᠭᠡᠳᠦ ᠰᠤᠷᠭ᠋ᠠᠭᠤᠯᠢ ᠵᠢᠨ ᠰᠢᠨ᠎ᠡ ᠵᠢ ᠡᠭᠦᠳᠬᠦ ᠬᠡᠯᠪᠡᠷᠢ ᠵᠢᠨ ᠬᠤᠪᠢᠰᠬᠠᠯᠲᠤ ᠬᠥᠮᠦᠵᠢᠯ᠎ᠢ ᠥᠷᠨᠢᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠰᠢᠨ᠎ᠡ ᠵᠢ ᠡᠭᠦᠳᠬᠦ ᠠᠷᠭ᠎ᠠ ᠪᠠᠷᠢᠯ ᠪᠠ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠬᠥᠭᠵᠢᠭᠡᠨ᠎ᠡ᠃
(ᠳᠥᠷᠪᠡ) 《ᠲᠥᠮᠡᠨ ᠪᠣᠳᠠᠰ᠎ᠲᠤ ᠰᠢᠩᠭᠡᠭᠰᠡᠨ ᠤᠷᠠᠨ ᠳᠠᠷᠬᠠᠨ᠎ᠤ ᠰᠡᠳᠬᠢᠯ》 ᠭᠡᠬᠦ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠴᠢᠳᠠᠪᠤᠷᠢ ᠵᠢ ᠤᠯᠠᠮᠵᠢᠯᠠᠨ ᠰᠢᠨ᠎ᠡ ᠵᠢ ᠡᠭᠦᠳᠬᠦ ᠸᠢᠳᠢᠤ᠋ ᠪᠢᠴᠢᠯ ᠬᠢᠴᠢᠶᠡᠯ᠃ ᠡᠯ᠎ᠡ ᠶᠡᠬᠡ ᠳᠡᠭᠡᠳᠦ ᠰᠤᠷᠭ᠋ᠠᠭᠤᠯᠢ ᠺᠠᠳ᠋ᠷ ᠰᠤᠷᠤᠭᠴᠢᠳ᠎ᠢ ᠵᠣᠬᠢᠶᠠᠨ ᠪᠠᠶ᠋ᠢᠭᠤᠯᠤᠨ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠰᠢ ᠵᠦᠴᠦᠭᠡ᠂ ᠠᠷᠠᠳ᠎ᠤᠨ ᠤᠷᠠᠨ ᠵᠢᠷᠤᠭ᠂ ᠠᠷᠠᠳ᠎ᠤᠨ ᠵᠠᠩ ᠦᠢ᠍ᠯᠡ᠂ ᠤᠯᠠᠮᠵᠢᠯᠠᠯᠲᠤ ᠭᠠᠷ ᠤᠷᠠᠯᠠᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠭᠦᠢ᠍ᠴᠡᠳ ᠢᠯᠡᠷᠡᠭᠦᠯᠵᠦ᠂ ᠸᠢᠳᠢᠤ᠋ ᠬᠡᠯᠪᠡᠷᠢ᠎ᠪᠠᠷ ᠪᠠᠭᠰᠢ ᠰᠤᠷᠤᠭᠴᠢᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠥᠲᠦᠭᠡᠯ ᠪᠤᠶᠤ ᠦᠵᠡᠭᠦᠯᠭᠡ ᠵᠢᠨ ᠲᠣᠭᠯᠠᠯᠲᠠ ᠵᠡᠷᠭᠡ ᠠᠭᠤᠯᠭ᠎ᠠ ᠵᠢ ᠳᠡᠯᠭᠡᠨ ᠦᠵᠡᠭᠦᠯᠵᠦ᠂ ᠺᠠᠳ᠋ᠷ ᠰᠤᠷᠤᠭᠴᠢᠳ᠎ᠢ ᠬᠥᠲᠥᠯᠥᠨ ᠵᠢᠯᠣᠭᠣᠳᠴᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠷᠢᠳᠢ ᠰᠢᠳᠢ ᠵᠢ ᠮᠡᠳᠡᠷᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠴᠢᠳᠠᠪᠤᠷᠢ ᠵᠢ ᠰᠤᠷᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠨ᠎ᠠ᠃
(ᠲᠠᠪᠤ) 《ᠶᠣᠰᠤᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ ᠦᠵᠡᠭᠳᠡᠬᠦᠢ᠌ᠴᠡ ᠦᠷ᠎ᠡ ᠪᠦᠲᠦᠭᠡᠯ ᠣᠯᠵᠠᠢ᠃ ᠤᠶᠤᠲᠠᠳ᠎ᠤᠨ ᠪᠣᠯᠪᠠᠰᠤᠨ ᠶᠣᠰᠣᠯᠠᠯ ᠪᠠ ᠶᠣᠰᠣ ᠮᠣᠷᠠᠯ᠎ᠤᠨ ᠬᠡᠪ ᠴᠢᠨᠠᠷ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠤᠶᠤᠲᠠᠳ᠎ᠤᠨ ᠣᠯᠠᠨ ᠨᠡᠶ᠋ᠢᠲᠡ ᠵᠢᠨ ᠠᠮᠢᠳᠤᠷᠠᠯ᠂ ᠠᠵᠢᠯ ᠡᠷᠢᠵᠦ ᠨᠢᠭᠤᠷᠳᠠᠨ ᠰᠢᠯᠭ᠋ᠠᠬᠤ ᠵᠡᠷᠭᠡ ᠠᠳᠠᠯᠢ ᠪᠤᠰᠤ ᠥᠰᠦᠨ ᠪᠣᠶ᠋ᠢᠵᠢᠬᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠪᠣᠯᠪᠠᠰᠤᠨ ᠶᠣᠰᠤᠯᠠᠯ᠂ ᠣᠯᠠᠨ ᠨᠡᠶ᠋ᠢᠲᠡ ᠵᠢᠨ ᠡᠮᠬᠢ ᠵᠢᠷᠤᠮ ᠪᠠ ᠰᠠᠶ᠋ᠢᠨ ᠰᠠᠶ᠋ᠢᠬᠠᠨ ᠬᠡᠪ ᠵᠠᠩᠰᠢᠯ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠡᠷᠭᠡ ᠶᠠᠷᠢᠶᠠᠨ᠎ᠤ ᠰᠡᠳᠦᠪ᠎ᠤᠨ ᠲᠣᠭᠣᠷᠢᠨ᠎ᠳᠤ ᠵᠣᠬᠢᠶᠠᠨ ᠪᠥᠲᠦᠭᠡᠨ᠎ᠡ᠃ ᠪᠦᠲᠦᠭᠡᠯ᠎ᠤᠨ ᠬᠡᠯᠪᠡᠷᠢ ᠵᠢ ᠬᠢᠵᠠᠭ᠋ᠠᠷᠯᠠᠬᠤ ᠦᠭᠡᠢ᠂ ᠡᠬᠡ ᠪᠢᠴᠢᠭ᠎ᠤᠨ ᠲᠥᠷᠥᠯ᠂ ᠸᠢᠳᠢᠣ᠋ ᠵᠢᠨ ᠲᠥᠷᠥᠯ᠂ ᠪᠦᠲᠦᠭᠡᠯᠴᠢ ᠰᠡᠳᠬᠢᠮᠵᠢ ᠵᠢᠨ ᠲᠥᠷᠥᠯ᠂ ᠪᠢᠴᠢᠯ ᠬᠢᠴᠢᠶᠡᠯ᠎ᠤᠨ ᠳᠦᠷᠦᠯ᠎ᠢ ᠪᠠᠭᠲᠠᠭ᠋ᠠᠬᠤ ᠪᠣᠯᠪᠠᠴᠤ ᠲᠡᠭᠦᠨ᠎ᠳᠤ ᠬᠢᠵᠠᠭ᠋ᠠᠷᠯᠠᠭᠳᠠᠬᠤ ᠦᠭᠡᠢ (ᠮᠡᠳᠡᠭᠦᠯᠬᠦ ᠱᠠᠭ᠋ᠠᠷᠳᠠᠯᠭ᠎ᠠ ᠵᠢ ᠳᠠᠭ᠋ᠠᠯᠳᠤᠭᠤᠯᠤᠯ᠎ᠳᠤ ᠨᠠᠷᠢᠯᠢᠭ ᠦᠵᠡᠭᠡᠷᠡᠢ)᠃ ᠰᠢᠨ᠎ᠡ ᠵᠢ ᠡᠭᠦᠳᠬᠦ ᠪᠠ ᠥᠪᠡᠷᠮᠢᠴᠡ ᠬᠠᠷᠠᠭ᠋ᠠᠰᠤ ᠵᠢ ᠵᠣᠷᠢᠭᠵᠢᠭᠤᠯᠤᠨ᠂ ᠶᠣᠰᠣ ᠰᠤᠷᠲᠠᠬᠤᠨ᠎ᠤ ᠬᠥᠮᠦᠵᠢᠯ᠎ᠤᠨ ᠮᠡᠳᠡᠭᠡ ᠵᠠᠩᠭᠢ ᠵᠢ ᠠᠮᠢᠳᠤᠯᠢᠭ ᠪᠥᠭᠡᠳ ᠰᠣᠨᠢᠷᠬᠠᠯᠲᠠᠢ ᠤᠯᠠᠮᠵᠢᠯᠠᠵᠤ᠂ ᠤᠶᠤᠲᠠᠳ᠎ᠢ ᠰᠡᠳᠬᠢᠯ ᠪᠣᠳᠣᠭᠤᠯᠵᠤ᠂ ᠲᠡᠭᠦᠨ᠎ᠢ ᠬᠥᠲᠥᠯᠥᠨ ᠵᠢᠯᠣᠭᠣᠳᠴᠤ ᠵᠥᠪ ᠣᠨᠣᠪᠴᠢᠲᠠᠢ ᠪᠣᠯᠪᠠᠰᠤᠨ ᠶᠣᠰᠤᠯᠠᠯ᠎ᠤᠨ ᠦᠵᠡᠯᠲᠡ ᠵᠢ ᠪᠣᠢ ᠪᠣᠯᠭ᠋ᠠᠨ᠂ ᠰᠠᠶ᠋ᠢᠨ ᠰᠠᠶ᠋ᠢᠬᠠᠨ ᠶᠣᠰᠤᠯᠠᠯ᠎ᠤᠨ ᠳᠠᠳᠬᠠᠯ᠎ᠲᠠᠢ ᠪᠣᠯᠬᠤ ᠵᠢ ᠠᠬᠢᠭᠤᠯᠤᠨ᠎ᠠ᠃
ᠳᠥᠷᠪᠡ᠂ ᠠᠵᠢᠯᠯᠠᠭ᠋ᠠᠨ᠎ᠤ ᠪᠠᠶ᠋ᠢᠷᠢᠯᠠᠭᠤᠯᠤᠯᠲᠠ
(ᠨᠢᠭᠡ) ᠶᠡᠬᠡ ᠳᠡᠭᠡᠳᠦ ᠰᠤᠷᠭ᠋ᠠᠭᠤᠯᠢ ᠵᠣᠬᠢᠶᠠᠨ ᠪᠠᠢ᠌ᠭᠤᠯᠬᠤ (8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ)
ᠡᠯ᠎ᠡ ᠶᠡᠬᠡ ᠳᠡᠭᠡᠳᠦ ᠰᠤᠷᠭ᠋ᠠᠭᠤᠯᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠠᠭᠰᠢ ᠰᠤᠷᠤᠭᠴᠢᠳ᠎ᠤᠨ ᠰᠡᠳᠦᠪ ᠬᠠᠷᠢᠭᠤᠯᠬᠤ ᠵᠢ ᠳᠠᠶ᠋ᠢᠴᠢᠯᠠᠵᠤ᠂ ᠪᠦᠲᠦᠭᠡᠯ᠎ᠢ ᠰᠣᠩᠭᠤᠨ ᠦᠵᠡᠭᠦᠯᠭᠡ᠎ᠳᠤ ᠣᠷᠣᠯᠴᠠᠭᠤᠯᠤᠨ᠎ᠠ᠃ 《ᠰᠣᠶᠤᠯ᠎ᠤᠨ ᠰᠤᠳᠠᠰᠤ ᠵᠢ ᠡᠭᠦᠳᠦᠨ ᠵᠠᠯᠭ᠋ᠠᠮᠵᠢᠯᠠᠶᠠ》 ᠭᠡᠬᠦ ᠶᠡᠬᠡ ᠳᠡᠭᠡᠳᠦ ᠰᠤᠷᠭ᠋ᠠᠭᠤᠯᠢ ᠵᠢᠨ ᠭᠣᠣᠯ ᠰᠡᠳᠦᠪᠲᠦ ᠲᠣᠭ᠋ᠠᠵᠢᠭᠰᠠᠨ ᠪᠢᠴᠢᠯ ᠦᠵᠡᠰᠬᠦᠯᠡᠩ᠂ 《ᠰᠦᠭ᠎ᠢ ᠱᠤᠭᠤᠵᠤ ᠰᠡᠳᠬᠢᠯ᠎ᠢ ᠤᠮᠳᠠᠯᠠᠨᠠᠮ》 ᠭᠡᠬᠦ ᠰᠣᠶᠣᠯ ᠵᠶ᠋ᠠᠷ ᠬᠥᠮᠦᠨ ᠬᠥᠮᠦᠵᠢᠭᠦᠯᠬᠦ ᠰᠢᠨ᠎ᠡ ᠵᠢ ᠡᠭᠦᠳᠬᠦ ᠠᠵᠢᠯ᠎ᠤᠨ ᠬᠡᠷᠡᠭ᠎ᠤᠨ ᠵᠢᠱ᠌ᠢᠶ᠎ᠡ᠂ 《ᠲᠥᠮᠡᠨ ᠪᠣᠳᠠᠰ᠎ᠲᠤ ᠰᠢᠩᠭᠡᠭᠰᠡᠨ ᠤᠷᠠᠨ ᠳᠠᠷᠬᠠᠨ᠎ᠤ ᠰᠡᠳᠬᠢᠯ》 ᠭᠡᠬᠦ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠴᠢᠳᠠᠪᠤᠷᠢ ᠵᠢ ᠤᠯᠠᠮᠵᠢᠯᠠᠨ ᠰᠢᠨ᠎ᠡ ᠵᠢ ᠡᠭᠦᠳᠬᠦ ᠸᠢᠳᠢᠣ᠋ ᠪᠢᠴᠢᠯ ᠬᠢᠴᠢᠶᠡᠯ ᠵᠡᠷᠭᠡ ᠭᠤᠷᠪᠠᠨ ᠲᠥᠷᠥᠯ᠎ᠤᠨ ᠪᠦᠲᠦᠭᠡᠯ᠎ᠢ ᠶᠡᠬᠡ ᠳᠡᠭᠡᠳᠦ ᠰᠤᠷᠭ᠋ᠠᠭᠤᠯᠢ ᠪᠦᠷᠢ 1 ᠵᠢ ᠲᠠᠨᠢᠯᠴᠠᠭᠤᠯᠬᠤ᠎ᠪᠠᠷ ᠬᠢᠵᠠᠭ᠋ᠠᠷᠯᠠᠵᠤ᠂ 2024 ᠣᠨ᠎ᠤ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠪᠦᠬᠦ ᠤᠯᠤᠰ᠎ᠤᠨ ᠶᠡᠬᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠰᠦᠯᠵᠢᠶᠡᠨ᠎ᠤ 《ᠶᠡᠬᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠮᠡᠳᠡᠭᠦᠯᠬᠦ ᠰᠢᠰᠲ᠋ᠧᠮ》 (https://fuwu.sizhengwang.cn/control/login)᠎ᠲᠤ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠵᠦ᠂ ᠦᠷ᠎ᠡ ᠪᠥᠲᠦᠭᠡᠯ ᠣᠯᠤᠭᠰᠠᠨ ᠪᠦᠲᠦᠭᠡᠯ ᠵᠢᠴᠢ ᠰᠤᠷᠭ᠋ᠠᠭᠤᠯᠢ ᠵᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ᠎ᠢ ᠳᠡᠭᠡᠭᠰᠢ ᠳᠡᠮᠵᠢᠭᠤᠯᠤᠨᠠ (ᠳᠠᠭ᠋ᠠᠯᠳᠤᠭᠤᠯᠤᠯ 4)᠃ 《ᠶᠣᠰᠤᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠪᠣᠳᠠᠳᠤ ᠦᠷ᠎ᠡ ᠪᠦᠲᠦᠭᠡᠯ᠎ᠢ ᠮᠠᠨ᠎ᠤ ᠣᠷᠣᠨ᠎ᠤ ᠣᠨᠴᠠᠯᠢᠭᠲᠤ ᠠᠵᠢᠯᠯᠠᠭ᠎ᠠ ᠪᠣᠯᠭ᠋ᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠠᠳᠠᠯᠢ ᠨᠢᠭᠡᠨ ᠬᠡᠯᠪᠡᠷᠢ ᠵᠢᠨ ᠪᠦᠲᠦᠭᠡᠯ᠎ᠢ 1᠎ᠪᠠᠷ ᠬᠢᠵᠠᠭ᠋ᠠᠷᠯᠠᠨ᠂ 2024 ᠣᠨ᠎ᠤ 9 ᠰᠠᠷ᠎ᠠ ᠵᠢᠨ 15᠎ᠤ ᠡᠳᠦᠷ᠎ᠠᠴᠠ ᠡᠮᠦᠨ᠎ᠡ ᠦᠷ᠎ᠡ ᠪᠦᠲᠦᠭᠡᠯ ᠣᠯᠤᠭᠰᠠᠨ ᠪᠦᠲᠦᠭᠡᠯ ᠵᠢᠴᠢ ᠰᠤᠷᠭ᠋ᠠᠭᠤᠯᠢ ᠵᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ᠎ᠤᠨ 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠶᠣᠰᠤᠯᠠᠯ〉 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠪᠣᠳᠠᠳᠤ ᠦᠷ᠎ᠡ ᠪᠦᠲᠦᠭᠡᠯ᠎ᠢ ᠴᠤᠭᠯᠠᠭᠤᠯᠬᠤ ᠬᠦᠰᠦᠨᠦᠭᠲᠦ》 (ᠳᠠᠭ᠋ᠠᠯᠳᠤᠭᠤᠯᠤᠯ 5) ᠵᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠭᠠᠵᠠᠷ (ᠢᠮᠧᠯ᠄ nmgzzqjytsxzzgzc@163.com) ᠢᠯᠡᠭᠡᠨ᠎ᠡ᠃
(ᠬᠣᠶᠠᠷ) ᠬᠢᠨᠠᠨ ᠪᠠᠢ᠌ᠴᠠᠭ᠋ᠠᠬᠤ (9 ᠰᠠᠷ᠎ᠠ ᠵᠢᠨ ᠡᠬᠢᠨ᠎ᠠᠴᠠ 10 ᠰᠠᠷ᠎ᠠ ᠵᠢᠨ ᠳᠤᠮᠳᠠᠴᠢ)
ᠮᠡᠳᠡᠯᠭᠡ ᠵᠢᠨ ᠰᠡᠴᠡᠯᠳᠦᠭᠡᠨ᠎ᠳᠤ ᠶᠡᠷᠦᠩᠬᠡᠶ᠋ᠢᠯᠡᠭᠰᠡᠨ ᠰᠡᠳᠦᠪ᠎ᠢ ᠵᠥᠪ ᠬᠠᠷᠢᠭᠤᠯᠬᠤ ᠣᠨᠣᠪᠴᠢ ᠵᠢᠨ ᠬᠡᠮᠵᠢᠶ᠎ᠡ᠂ ᠪᠡᠶᠡᠯᠡᠭᠦᠯᠦᠭᠰᠡᠨ ᠴᠠᠭ ᠵᠡᠷᠭᠡ ᠡᠯᠧᠮᠧᠨ᠋ᠲ᠎ᠤᠨ ᠨᠡᠷᠡᠰ᠎ᠤᠨ ᠵᠢᠭᠰᠠᠭ᠋ᠠᠯᠲᠠ ᠵᠢᠨ ᠡᠮᠦᠨ᠎ᠡ 5%᠎ᠳᠤ ᠣᠷᠣᠭᠰᠠᠨ ᠰᠢᠯᠢᠳᠡᠭ ᠰᠤᠷᠤᠯᠭ᠋ᠠᠲᠠᠨ᠎ᠳᠤ 《ᠤᠯᠤᠰ᠎ᠤᠨ ᠰᠣᠳᠤᠯᠤᠯ᠎ᠤᠨ ᠪᠢᠴᠢᠬᠠᠨ ᠠᠪᠢᠶᠠᠰᠲᠠᠨ》᠎ᠤ ᠡᠯᠧᠺᠲᠷᠣᠨ ᠰᠤᠷᠤᠯᠴᠠᠯᠭ᠎ᠠ ᠵᠢᠨ ᠭᠡᠷᠡᠴᠢᠯᠡᠯ᠎ᠤᠨ ᠦᠨᠡᠮᠯᠡᠯ ᠣᠯᠭᠣᠬᠤ ᠵᠢᠨ ᠬᠠᠮᠲᠤ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ᠎ᠤ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠤᠨ 《ᠸᠧᠢ ᠶᠠᠨ ᠰᠤᠷᠭ᠋ᠠᠨ ᠬᠥᠮᠦᠵᠢᠯ》 ᠵᠶ᠋ᠠᠷ ᠳᠠᠮᠵᠢᠭᠤᠯᠤᠨ ᠪᠠᠭᠤᠯᠭ᠋ᠠᠬᠤ᠂ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠨ᠎ᠠ᠃ ᠡᠯ᠎ᠡ ᠰᠤᠷᠭ᠋ᠠᠭᠤᠯᠢ ᠵᠢᠨ ᠲᠠᠨᠢᠯᠴᠠᠭᠤᠯᠤᠭᠰᠠᠨ 《ᠰᠣᠶᠤᠯ᠎ᠤᠨ ᠰᠤᠳᠠᠰᠤ ᠵᠢ ᠡᠭᠦᠳᠦᠨ ᠵᠠᠯᠭ᠋ᠠᠮᠵᠢᠯᠠᠶᠠ》 ᠭᠡᠬᠦ ᠶᠡᠬᠡ ᠳᠡᠭᠡᠳᠦ ᠰᠤᠷᠭ᠋ᠠᠭᠤᠯᠢ ᠵᠢᠨ ᠭᠣᠣᠯ ᠰᠡᠳᠦᠪᠲᠦ ᠲᠣᠭ᠋ᠠᠵᠢᠭᠰᠠᠨ ᠪᠢᠴᠢᠯ ᠦᠵᠡᠰᠬᠦᠯᠡᠩ᠂ 《ᠰᠦᠭ᠎ᠢ ᠱᠤᠭᠤᠵᠤ ᠰᠡᠳᠬᠢᠯ᠎ᠢ ᠤᠮᠳᠠᠯᠠᠨᠠᠮ》 ᠭᠡᠬᠦ ᠰᠣᠶᠣᠯ ᠵᠶ᠋ᠠᠷ ᠬᠥᠮᠦᠨ ᠬᠥᠮᠦᠵᠢᠭᠦᠯᠵᠦ ᠰᠢᠨ᠎ᠡ ᠵᠢ ᠡᠭᠦᠳᠬᠦ ᠠᠵᠢᠯ᠎ᠤᠨ ᠬᠡᠷᠡᠭ᠎ᠤᠨ ᠵᠢᠱ᠌ᠢᠶ᠎ᠡ᠂ 《ᠲᠥᠮᠡᠨ ᠪᠣᠳᠠᠰ᠎ᠲᠤ ᠰᠢᠩᠭᠡᠭᠰᠡᠨ ᠤᠷᠠᠨ ᠳᠠᠷᠬᠠᠨ᠎ᠤ ᠰᠡᠳᠬᠢᠯ》 ᠭᠡᠬᠦ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠴᠢᠳᠠᠪᠤᠷᠢ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠸᠢᠳᠢᠣ᠋ ᠪᠢᠴᠢᠯ ᠬᠢᠴᠢᠶᠡᠯ ᠵᠡᠷᠭᠡ ᠭᠤᠷᠪᠠᠨ ᠲᠥᠷᠥᠯ᠎ᠤᠨ ᠪᠦᠲᠦᠭᠡᠯ᠎ᠢ ᠰᠤᠷᠭ᠋ᠠᠨ ᠬᠥᠮᠦᠵᠢᠯ᠎ᠤᠨ ᠶᠠᠮᠤᠨ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠪᠠᠢ᠌ᠴᠠᠭ᠋ᠠᠵᠤ᠂ 《ᠶᠣᠰᠤᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠪᠣᠳᠠᠳᠤ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠪᠠᠢ᠌ᠴᠠᠭ᠋ᠠᠵᠤ᠂ ᠲᠥᠪᠯᠡᠷᠡᠭᠦᠯᠦᠨ ᠳᠡᠯᠭᠡᠨ ᠦᠵᠡᠭᠦᠯᠬᠦ᠎ᠳᠤ ᠣᠷᠣᠯᠴᠠᠭᠰᠠᠨ ᠪᠦᠲᠦᠭᠡᠯ᠎ᠤᠨ ᠤᠳᠤᠷᠢᠳᠤᠮᠵᠢ ᠵᠥᠪ ᠣᠨᠣᠪᠴᠢᠲᠠᠢ᠂ ᠦᠵᠡᠯ ᠰᠠᠨᠠᠭ᠎ᠠ ᠢᠳᠡᠪᠬᠢᠲᠡᠢ᠂ ᠴᠢᠨᠠᠷ ᠴᠢᠨᠰᠠᠭ᠎ᠠ ᠴᠢᠩᠭ᠎ᠠ ᠪᠠᠶ᠋ᠢᠬᠤ ᠵᠢ ᠪᠠᠲᠤᠯᠠᠨ᠎ᠠ᠃
(ᠭᠤᠷᠪᠠ) ᠤᠬᠠᠭᠤᠯᠬᠤ ᠪᠠ ᠳᠡᠯᠭᠡᠨ ᠦᠵᠡᠭᠦᠯᠬᠦ (10 ᠰᠠᠷ᠎ᠠ ᠵᠢᠨ ᠳᠤᠮᠳᠠᠴᠢ᠎ᠠᠴᠠ 12 ᠰᠠᠷ᠎ᠠ)
ᠰᠢᠯᠢᠳᠡᠭ ᠪᠦᠲᠦᠭᠡᠯ᠎ᠢ ᠵᠠᠭᠤᠴᠢᠯᠠᠭᠤᠷ᠎ᠤᠨ ᠲᠠᠪᠴᠠᠩ ᠵᠶ᠋ᠠᠷ ᠪᠦᠬᠦ ᠰᠦᠯᠵᠢᠶᠡᠨ᠎ᠳᠤ ᠬᠦᠷᠭᠡᠨ᠎ᠡ᠃ ᠠᠵᠢᠯᠯᠠᠭ᠋ᠠᠨ᠎ᠤ ᠬᠤᠭᠤᠴᠠᠭ᠋ᠠᠨ᠎ᠳᠤ᠂ ᠲᠠᠪᠴᠠᠩ᠎ᠨᠢ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ ᠠᠵᠢᠯᠯᠠᠭ᠎ᠠ ᠥᠷᠨᠢᠭᠦᠯᠵᠦ ᠪᠠᠶ᠋ᠢᠭ᠎ᠠ ᠪᠠᠶ᠋ᠢᠳᠠᠯ᠎ᠢ ᠪᠠᠶ᠋ᠢᠩᠭᠤ ᠬᠦᠷᠭᠡᠵᠦ᠂ ᠠᠵᠢᠯᠯᠠᠭ᠋ᠠᠨ᠎ᠤ ᠦᠷ᠎ᠡ ᠪᠦᠲᠦᠮᠵᠢ ᠵᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ ᠤᠨ ᠲᠢᠩᠬᠢᠮ ᠰᠢᠯᠢᠳᠡᠭ 《ᠶᠣᠰᠤᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ ᠤᠨ ᠪᠣᠳᠠᠳᠤ ᠦᠷ᠎ᠡ ᠪᠦᠲᠦᠭᠡᠯ᠎ᠢ ᠰᠣᠩᠭᠣᠨ ᠳᠡᠯᠭᠡᠨ ᠦᠵᠡᠭᠦᠯᠵᠦ ᠨᠡᠪᠲᠡᠷᠡᠭᠦᠯᠦᠨ᠎ᠡ᠃
ᠲᠠᠪᠤ᠂ ᠠᠵᠢᠯᠯᠠᠭ᠋ᠠᠨ᠎ᠤ ᠱᠠᠭ᠋ᠠᠷᠳᠠᠯᠭ᠎ᠠ
(ᠨᠢᠭᠡ) ᠤᠳᠤᠷᠢᠳᠤᠯᠭ᠎ᠠ ᠵᠢ ᠴᠢᠩᠭ᠋ᠠᠳᠬᠠᠵᠤ᠂ ᠥᠷᠭᠡᠨ ᠵᠶ᠋ᠠᠷ ᠳᠠᠢ᠌ᠴᠢᠯᠠᠨ᠎ᠠ᠃ ᠡᠯ᠎ᠡ ᠶᠡᠬᠡ ᠳᠡᠭᠡᠳᠦ ᠰᠤᠷᠭ᠋ᠠᠭᠤᠯᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠵᠢᠯᠯᠠᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠬᠤ ᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠪᠣᠳᠠᠲᠠᠢ᠎ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠰᠠᠶ᠋ᠢᠲᠤᠷ ᠠᠳᠬᠤᠵᠤ᠂ ᠨᠠᠷᠢᠨ ᠨᠢᠮᠪᠠᠢ ᠲᠥᠯᠥᠪᠵᠢᠭᠦᠯᠦᠨ ᠪᠠᠶ᠋ᠢᠷᠢᠯᠠᠭᠤᠯᠵᠤ᠂ ᠬᠣᠶᠠᠳᠤᠭ᠋ᠠᠷ ᠬᠢᠴᠢᠶᠡᠯ᠎ᠤᠨ ᠲᠠᠩᠬᠢᠮ ᠤᠨ ᠬᠢᠷᠢ ᠪᠦᠲᠦᠮᠵᠢ ᠵᠢᠨ ᠳᠦᠷᠢᠮ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠪᠦᠬᠦ ᠰᠤᠷᠤᠭᠴᠢ ᠣᠷᠣᠯᠴᠠᠬᠤ ᠵᠢ ᠵᠣᠷᠢᠭᠵᠢᠭᠤᠯᠤᠨ᠎ᠠ᠃
(ᠬᠣᠶᠠᠷ) ᠨᠡᠷᠡᠲᠦ ᠲᠡᠮᠳᠡᠭᠲᠦ ᠵᠢ ᠡᠭᠦᠳᠴᠦ᠂ ᠳᠠᠭᠤᠷᠢᠶᠠᠯ ᠦᠵᠡᠭᠦᠯᠦᠨ᠎ᠡ᠃ ᠡᠯ᠎ᠡ ᠶᠡᠬᠡ ᠳᠡᠭᠡᠳᠦ ᠰᠤᠷᠭ᠋ᠠᠭᠤᠯᠢ ᠪᠠᠭᠰᠢ ᠰᠤᠷᠤᠭᠴᠢᠳ᠎ᠲᠠᠢ ᠣᠶ᠋ᠢᠷᠠᠲᠤᠬᠤ᠂ ᠪᠣᠳᠠᠲᠤ ᠪᠠᠶ᠋ᠢᠳᠠᠯ᠎ᠲᠠᠢ ᠣᠢ᠌ᠷᠠᠲᠤᠬᠤ ᠵᠢ ᠪᠠᠷᠢᠮᠲᠠᠯᠠᠨ᠂ ᠴᠠᠭ ᠦᠶ᠎ᠡ ᠵᠢᠨ ᠣᠨᠴᠠᠯᠢᠭ ᠵᠶ᠋ᠠᠷ ᠪᠠᠶᠠᠯᠢᠭ᠂ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠬᠦ᠂ ᠥᠷᠲᠡᠭ᠎ᠤᠨ ᠤᠳᠤᠷᠢᠳᠤᠮᠵᠢ ᠪᠦᠬᠦᠢ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠨᠡᠷᠡᠲᠦ ᠲᠡᠮᠳᠡᠭᠲᠦ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠴᠠᠭ ᠲᠤᠬᠠᠢᠳᠤᠨᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠠᠭᠤᠷ ᠠᠮᠢᠰᠬᠤᠯ᠎ᠢ ᠪᠣᠢ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠪᠣᠢ ᠪᠣᠯᠭ᠋ᠠᠨ᠎ᠠ᠃
(ᠭᠤᠷᠪᠠ) ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠎ᠡ᠃ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ᠎ᠬᠢᠨ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠷᠢᠮᠲᠠᠯᠠᠵᠤ᠂ ᠤᠯᠠᠮᠵᠢᠯᠠᠬᠤ ᠵᠢᠮ᠎ᠡ ᠶᠣᠰᠣ ᠵᠢ ᠡᠵᠡᠮᠳᠡᠨ᠂ ᠤᠬᠠᠭᠤᠯᠬᠤ ᠡᠬᠢ ᠪᠠᠶᠠᠯᠢᠭ᠎ᠢ ᠨᠡᠶ᠋ᠢᠳᠬᠡᠵᠦ᠂ ᠰᠢᠨ᠎ᠡ᠎ᠪᠠᠷ ᠮᠠᠨᠳᠤᠭᠰᠠᠨ ᠮᠡᠷᠭᠡᠵᠢᠯ᠎ᠢ ᠬᠡᠷᠡᠭᠯᠡᠵᠦ᠂ ᠲᠣᠭᠲᠠᠴᠠ ᠵᠢᠨ ᠰᠢᠨ᠎ᠡ ᠵᠢ ᠡᠭᠦᠳᠴᠦ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠪᠠᠲᠤ ᠴᠣᠭᠴᠠᠯᠠᠨ᠎ᠠ᠃ ᠲᠤᠰᠬᠠᠢ ᠬᠥᠮᠦᠨ ᠵᠶ᠋ᠠᠷ ᠬᠠᠷᠢᠭᠤᠴᠠᠭᠤᠯᠵᠤ᠂ ᠠᠵᠢᠯ᠎ᠤᠨ ᠬᠤᠪᠢᠶᠠᠷᠢᠯᠠᠯ᠎ᠢ ᠨᠠᠷᠢᠯᠢᠭᠵᠢᠭᠤᠯᠤᠨ᠂ ᠠᠵᠢᠯ᠎ᠤᠨ ᠬᠤᠭᠤᠴᠠᠭ᠎ᠠ ᠵᠢ ᠲᠣᠩᠭᠤᠷᠤᠭᠤᠯᠤᠨ ᠪᠠᠶ᠋ᠢᠷᠢᠯᠠᠭᠤᠯᠵᠤ᠂ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠵᠶ᠋ᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠨ᠎ᠠ᠃ ᠬᠣᠯᠪᠣᠭᠳᠠᠯ ᠪᠦᠬᠦᠢ ᠠᠷᠭ᠎ᠠ ᠪᠠᠷᠢᠯ ᠪᠠ ᠲᠤᠷᠰᠢᠯᠭ᠎ᠠ ᠵᠢ ᠴᠠᠭ ᠲᠤᠬᠠᠢᠳᠤᠨᠢ ᠮᠡᠳᠡᠭᠡ ᠵᠠᠩᠭᠢ᠂ ᠲᠣᠪᠴᠢ ᠮᠡᠳᠡᠭᠡ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ ᠤᠨ ᠲᠢᠩᠬᠢᠮ᠎ᠳᠤ ᠮᠡᠳᠡᠭᠦᠯᠦᠨ᠎ᠡ᠃
ᠵᠢᠷᠭᠤᠭ᠎ᠠ᠂ ᠬᠠᠷᠢᠯᠴᠠᠬᠤ ᠠᠷᠭ᠎ᠠ
ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ᠄ 021 - 34206231
ᠪᠦᠬᠦ ᠤᠯᠤᠰ᠎ᠤᠨ ᠶᠡᠬᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ
ᠰᠦᠯᠵᠢᠶ᠎ᠡ᠄ 010 - 56803635 010-56803616
ᠳᠤᠮᠳᠠᠳᠤ ᠤᠯᠤᠰ᠎ᠤᠨ ᠣᠶᠤᠲᠠᠨ ᠰᠦᠯᠵᠢᠶᠡᠨ᠎ᠳᠤ᠄ 010 - 58603676
ᠰᠤᠷᠭ᠋ᠠᠨ ᠬᠥᠮᠦᠵᠢᠯ᠎ᠤᠨ ᠶᠠᠮᠤᠨ᠎ᠤ ᠤᠬᠠᠭᠤᠯᠭ᠎ᠠ ᠬᠥᠮᠦᠵᠢᠯ᠎ᠤᠨ ᠲᠥᠪ᠄ 010-66096859
ᠰᠤᠷᠭ᠋ᠠᠨ ᠬᠥᠮᠦᠵᠢᠯ᠎ᠤᠨ ᠶᠠᠮᠤᠨ᠎ᠤ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠬᠡᠯᠲᠡᠰ᠄
010 - 66096689
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ
ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠭᠠᠵᠠᠷ᠄ 0471 - 2857028
ᠳᠠᠭ᠋ᠠᠯᠳᠤᠭᠤᠯᠤᠯ᠄ 1. ᠮᠡᠳᠡᠯᠭᠡ ᠵᠢᠨ ᠰᠡᠴᠡᠯᠳᠦᠭᠡᠨᠤ ᠠᠵᠢᠯ᠎ᠤᠨ ᠱᠠᠭ᠋ᠠᠷᠳᠠᠯᠭ᠎ᠠ
2. ᠲᠣᠭ᠋ᠠᠵᠢᠭᠰᠠᠨ ᠪᠢᠴᠢᠯ ᠦᠵᠡᠰᠬᠦᠯᠡᠩ᠂ ᠠᠵᠢᠯ᠎ᠤᠨ ᠬᠡᠷᠡᠭ᠎ᠤᠨ ᠵᠢᠱ᠌ᠢᠶ᠎ᠡ᠂ ᠸᠢᠳᠢᠣ᠋ ᠪᠢᠴᠢᠯ ᠬᠢᠴᠢᠶᠡᠯ ᠵᠡᠷᠭᠡ ᠪᠦᠲᠦᠭᠡᠯ᠎ᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ
3. 《ᠶᠣᠰᠣᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ᠎ᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ
4. 2024 ᠣᠨ᠎ᠤ ᠶᠡᠬᠡ ᠳᠡᠭᠡᠳᠦ ᠰᠤᠷᠭ᠋ᠠᠭᠤᠯᠢ ᠵᠢᠨ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠭᠡᠳᠦᠯᠡᠶ᠎ᠡ》 ᠭᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠋ᠠᠨ᠎ᠤ ᠦᠷ᠎ᠡ ᠪᠦᠲᠦᠭᠡᠯ᠎ᠢ ᠴᠤᠭᠯᠠᠭᠤᠯᠬᠤ ᠬᠦᠰᠦᠨᠦᠭᠲᠦ
5. 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ 《ᠶᠣᠰᠤᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠪᠣᠳᠠᠳᠤ ᠦᠷ᠎ᠡ ᠪᠦᠲᠦᠭᠡᠯ᠎ᠢ ᠴᠤᠭᠯᠠᠭᠤᠯᠬᠤ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2024 ᠣᠨ᠎ᠤ 7 ᠰᠠᠷ᠎ᠠ ᠵᠢᠨ 17᠎ᠤ ᠡᠳᠦᠷ
ᠳᠠᠭ᠋ᠠᠯᠳᠤᠭᠤᠯᠤᠯ 1᠄ ᠮᠡᠳᠡᠯᠭᠡ ᠵᠢᠨ ᠰᠡᠴᠡᠯᠳᠦᠭᠡᠨᠤ ᠠᠵᠢᠯ᠎ᠤᠨ ᠱᠠᠭ᠋ᠠᠷᠳᠠᠯᠭ᠎ᠠ .docx
ᠳᠠᠭ᠋ᠠᠯᠳᠤᠭᠤᠯᠤᠯ 2᠄ ᠲᠣᠭ᠋ᠠᠵᠢᠭᠰᠠᠨ ᠪᠢᠴᠢᠯ ᠦᠵᠡᠰᠬᠦᠯᠡᠩ᠂ ᠠᠵᠢᠯ᠎ᠤᠨ ᠬᠡᠷᠡᠭ᠎ᠤᠨ ᠵᠢᠱ᠌ᠢᠶ᠎ᠡ᠂ ᠸᠢᠳᠢᠣ᠋ ᠪᠢᠴᠢᠯ ᠬᠢᠴᠢᠶᠡᠯ ᠵᠡᠷᠭᠡ ᠪᠦᠲᠦᠭᠡᠯ᠎ᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ.docx
ᠳᠠᠭ᠋ᠠᠯᠳᠤᠭᠤᠯᠤᠯ 3᠄ 《ᠶᠣᠰᠣᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ᠎ᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ.docx
ᠳᠠᠭ᠋ᠠᠯᠳᠤᠭᠤᠯᠤᠯ 4᠄ 2024 ᠣᠨ᠎ᠤ ᠶᠡᠬᠡ ᠳᠡᠭᠡᠳᠦ ᠰᠤᠷᠭ᠋ᠠᠭᠤᠯᠢ ᠵᠢᠨ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠭᠡᠳᠦᠯᠡᠶ᠎ᠡ》 ᠭᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠋ᠠᠨ᠎ᠤ ᠦᠷ᠎ᠡ ᠪᠦᠲᠦᠭᠡᠯ᠎ᠢ ᠴᠤᠭᠯᠠᠭᠤᠯᠬᠤ ᠬᠦᠰᠦᠨᠦᠭᠲᠦ.docx
ᠳᠠᠭ᠋ᠠᠯᠳᠤᠭᠤᠯᠤᠯ 5᠄ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ 《ᠶᠣᠰᠤᠯᠠᠯ》 ᠭᠡᠬᠦ ᠪᠣᠯᠪᠠᠰᠤᠨ ᠶᠣᠰᠣᠯᠠᠯ᠎ᠤᠨ ᠰᠤᠷᠭ᠋ᠠᠨ ᠬᠥᠮᠦᠵᠢᠯ᠎ᠤᠨ ᠪᠣᠳᠠᠳᠤ ᠦᠷ᠎ᠡ ᠪᠦᠲᠦᠭᠡᠯ᠎ᠢ ᠴᠤᠭᠯᠠᠭᠤᠯᠬᠤ ᠬᠦᠰᠦᠨᠦᠭᠲᠦ.docx