ᠡᠯ᠎ᠡ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ᠎ᠳᠤ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《2024 ᠣᠨ᠎ᠤ ᠤᠯᠤᠰ᠎ᠤᠨ ᠳᠡᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢ ᠲᠣᠭᠲᠠᠭ᠋ᠠᠬᠤ ᠪᠠ ᠰᠡᠳᠦᠪ ᠪᠡᠶᠡᠯᠡᠭᠦᠯᠦᠭᠰᠡᠨ᠎ᠢ ᠰᠢᠯᠭ᠋ᠠᠨ ᠠᠪᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠪᠦᠬᠦ ᠣᠷᠣᠨ᠎ᠤ 19 ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ 2024 ᠣᠨ᠎ᠤ ᠤᠯᠤᠰ᠎ᠤᠨ ᠳᠡᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠳᠡᠭᠡᠭᠰᠢ ᠮᠡᠳᠡᠭᠦᠯᠪᠡ᠃
ᠡᠳᠦᠭᠡ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠬᠢᠨᠠᠨ ᠪᠠᠢ᠌ᠴᠠᠭ᠋ᠠᠵᠤ ᠪᠠᠲᠤᠯᠠᠭᠰᠠᠨ ᠲᠥᠷᠥᠯ ᠵᠦᠢ᠍ᠯ 650 ᠵᠢᠴᠢ ᠰᠢᠯᠭ᠋ᠠᠷᠠᠭᠤᠯᠵᠤ ᠮᠠᠭ᠋ᠠᠳᠯᠠᠨ ᠲᠣᠭᠲᠠᠭ᠋ᠠᠭᠰᠠᠨ 216 ᠵᠦᠢ᠍ᠯ᠎ᠤᠨ ᠤᠯᠤᠰ᠎ᠤᠨ ᠳᠡᠰ᠎ᠤᠨ ᠲᠥᠷᠥᠯ ᠵᠦᠢ᠍ᠯ᠎ᠤᠨ ᠨᠡᠷᠡᠰ᠎ᠢ ᠨᠡᠶ᠋ᠢᠲᠡᠯᠡᠪᠡ᠃ ᠡᠭᠦᠨ᠎ᠳᠤ ᠰᠢᠨ᠎ᠡ ᠵᠢ ᠡᠭᠦᠳᠬᠦ ᠪᠣᠯᠪᠠᠰᠤᠷᠠᠯ᠎ᠤᠨ ᠲᠥᠷᠥᠯ ᠵᠦᠢ᠍ᠯ 547᠂ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠷᠥᠯ ᠵᠦᠢ᠍ᠯ 61᠂ ᠦᠢ᠍ᠯᠡᠰ ᠪᠣᠰᠬᠠᠬᠤ ᠦᠢ᠍ᠯᠡᠳᠦᠯᠭᠡ ᠵᠢᠨ ᠲᠥᠷᠥᠯ ᠵᠦᠢ᠍ᠯ 42 (ᠨᠡᠷᠡᠰ᠎ᠢ ᠳᠠᠭ᠋ᠠᠯᠳᠤᠭᠤᠯᠤᠯ᠎ᠳᠤ ᠦᠵᠡᠭᠡᠷᠡᠢ) ᠪᠤᠢ᠃
ᠡᠯ᠎ᠡ ᠳᠡᠭᠡᠳᠦ ᠰᠤᠷᠭ᠋ᠠᠭᠤᠯᠢ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠬᠤ᠎ᠳᠤ ᠦᠵᠡᠭᠦᠯᠬᠦ ᠴᠢᠬᠤᠯᠠ ᠠᠴᠢ ᠬᠣᠯᠪᠣᠭᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠮᠢᠶᠠᠷᠤᠯᠲᠠ ᠵᠢᠨ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠷᠤᠳᠠᠯ᠎ᠤᠨ ᠪᠡᠯᠡ ᠣᠷᠣᠭᠤᠯᠤᠯᠲᠠ ᠵᠢ ᠪᠠᠲᠤᠯᠠᠵᠤ᠂ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃
ᠳᠠᠭ᠋ᠠᠯᠳᠤᠭᠤᠯᠤᠯ᠄
1.2024 ᠣᠨ᠎ᠤ ᠤᠯᠤᠰ᠎ᠤᠨ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠨᠡᠷᠡᠰ
2.2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2024 ᠣᠨ᠎ᠤ 9 ᠰᠠᠷ᠎ᠠ ᠵᠢᠨ 11᠎ᠤ ᠡᠳᠦᠷ
ᠳᠠᠭ᠋ᠠᠯᠳᠤᠭᠤᠯᠤᠯ 1.2024 ᠣᠨ᠎ᠤ ᠤᠯᠤᠰ᠎ᠤᠨ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠨᠡᠷᠡᠰ. xls
ᠳᠠᠭ᠋ᠠᠯᠳᠤᠭᠤᠯᠤᠯ 2.2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠨᠡᠷᠡᠰ. xls