ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠡᠭᠦᠷᠭᠡ ᠵᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ》 (ᠥᠪᠥᠷ ᠰᠤᠷᠭ᠋ᠠᠨ ᠠᠵᠢᠯ ᠨᠠᠰᠤᠨ᠎ᠳᠤ ᠬᠦᠷᠦᠭᠰᠡᠳ ᠪᠢᠴᠢᠭ [2023] 98 ᠳ᠋ᠤᠭ᠋ᠠᠷ ᠲᠣᠭ᠋ᠠᠲᠤ) ᠪᠠ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠰᠢᠯᠢᠳᠡᠭ ᠬᠢᠴᠢᠶᠡᠯ ᠪᠠ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠮᠡᠳᠡᠭᠦᠯᠵᠦ ᠮᠠᠭ᠋ᠠᠳᠯᠠᠨ ᠲᠣᠭᠲᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠲᠣᠬᠢᠷᠠᠭᠤᠯᠤᠯᠲᠠ ᠶᠣᠰᠣᠭ᠋ᠠᠷ᠂ ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠠᠴᠠ ᠪᠠᠲᠤᠯᠠᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠰᠢᠯᠭ᠋ᠠᠷᠠᠭᠤᠯᠬᠤ᠂ ᠲᠢᠩᠬᠢᠮ᠎ᠤᠨ ᠳᠠᠷᠤᠭ᠎ᠠ ᠲᠤᠰᠬᠠᠢ ᠰᠡᠳᠦᠪᠲᠦ ᠬᠤᠷᠠᠯ ᠵᠶ᠋ᠠᠷ ᠬᠢᠨᠠᠨ ᠵᠥᠪᠯᠡᠬᠦ ᠵᠡᠷᠭᠡ ᠭᠣᠭᠴᠣᠭ᠎ᠠ᠎ᠪᠠᠷ ᠳᠠᠮᠵᠢᠨ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ 20᠂ ᠰᠦᠯᠵᠢᠶᠡᠨ᠎ᠳᠠᠬᠢ ᠰᠢᠯᠢᠳᠡᠭ ᠬᠢᠴᠢᠶᠡᠯ 77᠂ ᠲᠡᠷᠢᠭᠦᠨ᠎ᠤ ᠭᠣᠣᠯᠯᠠᠬᠤ ᠬᠢᠴᠢᠶᠡᠯ 12᠎ᠢ ᠮᠠᠭ᠋ᠠᠳᠯᠠᠨ ᠲᠣᠭᠲᠠᠭ᠋ᠠᠬᠤ ᠪᠠᠷ ᠲᠥᠯᠥᠪᠯᠡᠵᠦ᠂ ᠡᠳᠦᠭᠡ ᠢᠯᠡ ᠨᠡᠶ᠋ᠢᠲᠡᠯᠡᠪᠡ᠃
ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠪᠡᠶ᠎ᠡ᠎ᠪᠠᠷ ᠵᠶ᠋ᠠᠨ ᠢᠷᠡᠬᠦ ᠵᠡᠷᠭᠡ ᠬᠡᠯᠪᠡᠷᠢ᠎ᠪᠠᠷ ᠠᠰᠠᠭᠤᠳᠠᠯ᠎ᠢ ᠲᠤᠰᠬᠠᠵᠤ ᠪᠣᠯᠤᠨ᠎ᠠ᠃ ᠠᠰᠠᠭᠤᠳᠠᠯ᠎ᠢ ᠲᠤᠰᠬᠠᠬᠤ᠎ᠳᠤ᠎ᠪᠠᠨ ᠦᠨᠡᠨ ᠪᠣᠳᠠᠲᠠᠢ ᠮᠥᠷᠲᠡᠭᠡᠨ ᠦᠨᠳᠦᠰᠦ ᠪᠠᠷᠢᠮᠲᠠ᠎ᠲᠠᠢ ᠪᠠᠶ᠋ᠢᠬᠤ ᠵᠢ ᠱᠠᠭ᠋ᠠᠷᠳᠠᠬᠤ ᠵᠢᠨ ᠬᠠᠮᠲᠤ ᠪᠢᠴᠢᠭ᠎ᠤᠨ ᠮᠠᠲ᠋ᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ᠎ᠪᠠᠨ ᠳᠠᠭ᠋ᠠᠯᠳᠤᠭᠤᠯᠵᠤ᠂ ᠬᠢᠨᠠᠨ ᠬᠠᠷᠭᠤᠭᠤᠯᠬᠤ ᠪᠠ ᠪᠠᠶ᠋ᠢᠴᠠᠭ᠋ᠠᠬᠤ ᠠᠵᠢᠯ᠎ᠢ ᠥᠷᠨᠢᠭᠦᠯᠬᠦ᠎ᠳᠤ ᠳᠥᠭᠥᠮ ᠦᠵᠡᠭᠦᠯᠬᠦ ᠬᠡᠷᠡᠭᠲᠡᠢ᠃
ᠢᠯᠡ ᠨᠡᠶ᠋ᠢᠲᠡᠯᠡᠬᠦ ᠴᠠᠭ᠄ 2025 ᠣᠨ᠎ᠤ 1 ᠰᠠᠷ᠎ᠠ ᠵᠢᠨ 8 - 14᠎ᠤ ᠡᠳᠦᠷ᠃
ᠬᠠᠷᠢᠯᠴᠠᠬᠤ ᠤᠲᠠᠰᠤ᠄ 0471 - 2857007
ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ (ᠰᠢᠤᠳᠠᠨ ᠨᠣᠮᠧᠷ᠄ 010011)᠃
ᠳᠠᠭ᠋ᠠᠯᠳᠤᠭᠤᠯᠤᠯ᠄
1. 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢᠨ ᠲᠥᠷᠥᠯ ᠵᠦᠢ᠍ᠯ ᠵᠶ᠋ᠠᠷ ᠮᠠᠭ᠋ᠠᠳᠯᠠᠨ ᠳᠣᠭᠲᠠᠭ᠋ᠠᠬᠤ᠎ᠪᠠᠷ ᠲᠥᠯᠦᠪᠯᠡᠵᠦ ᠪᠠᠢ᠌ᠭ᠎ᠠ ᠨᠡᠷᠡᠰ
2. 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠰᠢᠯᠢᠳᠡᠭ ᠬᠢᠴᠢᠶᠡᠯ᠎ᠤᠨ ᠲᠥᠷᠥᠯ ᠵᠦᠢ᠍ᠯ ᠵᠶ᠋ᠠᠷ ᠮᠠᠭ᠋ᠠᠳᠯᠠᠨ ᠳᠣᠭᠲᠠᠭ᠋ᠠᠬᠤ᠎ᠪᠠᠷ ᠲᠥᠯᠦᠪᠯᠡᠵᠦ ᠪᠠᠢ᠌ᠭ᠎ᠠ ᠨᠡᠷᠡᠰ
3. 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠡᠷᠢᠭᠦᠨ᠎ᠤ ᠭᠣᠣᠯᠯᠠᠬᠤ ᠬᠢᠴᠢᠶᠡᠯ᠎ᠤᠨ ᠲᠥᠷᠥᠯ ᠵᠦᠢ᠍ᠯ ᠵᠶ᠋ᠠᠷ ᠮᠠᠭ᠋ᠠᠳᠯᠠᠨ ᠳᠣᠭᠲᠠᠭ᠋ᠠᠬᠤ᠎ᠪᠠᠷ ᠲᠥᠯᠦᠪᠯᠡᠵᠦ ᠪᠠᠢ᠌ᠭ᠎ᠠ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2025 ᠣᠨ᠎ᠤ 1 ᠳ᠋ᠦ᠍ᠭᠡᠷ ᠰᠠᠷ᠎ᠠ ᠵᠢᠨ 8᠎ᠤ ᠡᠳᠦᠷ
ᠳᠠᠭ᠋ᠠᠯᠳᠤᠭᠤᠯᠤᠯ᠄ 1. 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢᠨ ᠲᠥᠷᠥᠯ ᠵᠦᠢ᠍ᠯ ᠵᠶ᠋ᠠᠷ ᠮᠠᠭ᠋ᠠᠳᠯᠠᠨ ᠳᠣᠭᠲᠠᠭ᠋ᠠᠬᠤ᠎ᠪᠠᠷ ᠲᠥᠯᠦᠪᠯᠡᠵᠦ ᠪᠠᠢ᠌ᠭ᠎ᠠ ᠨᠡᠷᠡᠰ .xls
ᠳᠠᠭ᠋ᠠᠯᠳᠤᠭᠤᠯᠤᠯ᠄ 2. 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠰᠢᠯᠢᠳᠡᠭ ᠬᠢᠴᠢᠶᠡᠯ᠎ᠤᠨ ᠲᠥᠷᠥᠯ ᠵᠦᠢ᠍ᠯ ᠵᠶ᠋ᠠᠷ ᠮᠠᠭ᠋ᠠᠳᠯᠠᠨ ᠳᠣᠭᠲᠠᠭ᠋ᠠᠬᠤ᠎ᠪᠠᠷ ᠲᠥᠯᠦᠪᠯᠡᠵᠦ ᠪᠠᠢ᠌ᠭ᠎ᠠ ᠨᠡᠷᠡᠰ .xls
ᠳᠠᠭ᠋ᠠᠯᠳᠤᠭᠤᠯᠤᠯ᠄ 3. 2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠡᠷᠢᠭᠦᠨ᠎ᠤ ᠭᠣᠣᠯᠯᠠᠬᠤ ᠬᠢᠴᠢᠶᠡᠯ᠎ᠤᠨ ᠲᠥᠷᠥᠯ ᠵᠦᠢ᠍ᠯ ᠵᠶ᠋ᠠᠷ ᠮᠠᠭ᠋ᠠᠳᠯᠠᠨ ᠳᠣᠭᠲᠠᠭ᠋ᠠᠬᠤ᠎ᠪᠠᠷ ᠲᠥᠯᠦᠪᠯᠡᠵᠦ ᠪᠠᠢ᠌ᠭ᠎ᠠ ᠨᠡᠷᠡᠰ .xls