ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠦᠬᠦ ᠣᠷᠣᠨ᠎ᠤ ᠮᠢᠨᠤ ᠭᠡᠷ᠎ᠤᠨ ᠰᠤᠷᠲᠠᠯ᠎ᠤᠨ ᠦᠯᠢᠭᠡᠷ᠎ᠤᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠵᠢᠴᠢ ᠭᠡᠷ᠎ᠤᠨ ᠵᠠᠬᠢᠳᠠᠯ᠎ᠢ ᠤᠩᠰᠢᠬᠤ ᠤᠷᠤᠯᠳᠤᠭ᠋ᠠᠨ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
ᠨᠡᠶ᠋ᠢᠲᠡᠯᠡᠭᠰᠡᠨ ᠴᠠᠭ᠄ 2025-01-06

《ᠪᠦᠬᠦ ᠣᠷᠣᠨ᠎ᠤ ᠮᠢᠨᠤ ᠭᠡᠷ᠎ᠤᠨ ᠰᠤᠷᠲᠠᠯ᠎ᠤᠨ ᠦᠯᠢᠭᠡᠷ᠎ᠤᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠵᠢᠴᠢ ᠭᠡᠷ᠎ᠤᠨ ᠵᠠᠬᠢᠳᠠᠯ᠎ᠢ ᠤᠩᠰᠢᠬᠤ ᠤᠷᠤᠯᠳᠤᠭ᠋ᠠᠨ᠎ᠢ ᠡᠷᠬᠢᠯᠡᠬᠦ ᠲᠤᠬᠠᠢ ᠮᠡᠳᠡᠭᠳᠡᠯ》 (ᠥᠪᠥᠷ ᠰᠤᠷᠭ᠋ᠠᠨ ᠰᠠᠭᠤᠷᠢ ᠪᠢᠴᠢᠭ  [2024] 100 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠢᠳᠡᠪᠬᠢᠲᠡᠢ ᠣᠷᠣᠯᠴᠠᠵᠤ᠂ 888 ᠪᠦᠲᠦᠭᠡᠯ ᠴᠤᠭᠯᠠᠭᠤᠯᠪᠠ᠃ ᠰᠤᠳᠤᠯᠬᠤ᠎ᠪᠠᠷ ᠳᠠᠮᠵᠢᠨ᠂ ᠱᠠᠩᠨᠠᠯ ᠣᠯᠬᠤ ᠬᠠᠷᠢᠴᠠᠯ᠎ᠳᠤ ᠲᠣᠬᠢᠷᠠᠭᠤᠯᠤᠯᠲᠠ ᠬᠢᠵᠦ᠂ ᠠᠶ᠋ᠢᠮᠠᠭ ᠬᠣᠲᠠ ᠮᠡᠳᠡᠭᠦᠯᠦᠨ ᠬᠦᠷᠭᠡᠬᠦ᠂ ᠲᠤᠰᠬᠠᠢ ᠮᠡᠷᠭᠡᠵᠢᠯᠲᠡᠨ ᠰᠦᠯᠵᠢᠶᠡᠨ᠎ᠳᠤ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ ᠶᠣᠰᠣᠭ᠋ᠠᠷ᠂ 《ᠮᠢᠨᠦ ᠭᠡᠷ᠎ᠤᠨ ᠰᠤᠷᠲᠠᠯ᠎ᠤᠨ ᠦᠯᠢᠭᠡᠷ ᠶᠠᠷᠢᠶ᠎ᠠ ᠢᠯᠡᠳᠬᠡᠯ᠎ᠤᠨ ᠤᠷᠤᠯᠳᠤᠭ᠋ᠠᠨ》 ᠪᠠ 《ᠭᠡᠷ᠎ᠤᠨ ᠵᠠᠬᠢᠳᠠᠯ᠎ᠢ ᠤᠩᠰᠢᠬᠤ ᠤᠷᠤᠯᠳᠤᠭ᠋ᠠᠨ》᠎ᠤ ᠪᠠᠭ᠎ᠠ ᠰᠤᠷᠭ᠋ᠠᠭᠤᠯᠢ ᠵᠢᠨ A ᠳᠤᠭᠤᠶ᠋ᠢᠯᠠᠩ᠂ ᠪᠠᠭ᠎ᠠ ᠰᠤᠷᠭ᠋ᠠᠭᠤᠯᠢ ᠵᠢᠨ B ᠳᠤᠭᠤᠶ᠋ᠢᠯᠠᠩ᠂ ᠪᠠᠭ᠎ᠠ ᠰᠤᠷᠭ᠋ᠠᠭᠤᠯᠢ ᠵᠢᠨ C ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠂  ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠶ᠋ᠢᠯᠠᠩ᠎ᠤᠨ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ (ᠨᠡᠷᠡᠰ᠎ᠢ ᠳᠠᠭ᠋ᠠᠯᠳᠤᠭᠤᠯᠤᠯ᠎ᠳᠤ ᠦᠵᠡᠭᠡᠷᠡᠢ)᠎ᠢ ᠰᠢᠯᠭ᠋ᠠᠷᠠᠭᠤᠯᠵᠤ᠂ ᠡᠳᠦᠭᠡ ᠢᠯᠡ ᠨᠡᠶ᠋ᠢᠲᠡᠯᠡᠪᠡ᠃

ᠢᠯᠡ ᠨᠡᠶ᠋ᠢᠲᠡᠯᠡᠬᠦ ᠴᠠᠭ 2025 ᠣᠨ᠎ᠤ 1 ᠳ᠋ᠦ᠍ᠭᠡᠷ ᠰᠠᠷ᠎ᠠ ᠵᠢᠨ 6 - 1 ᠳ᠋ᠦ᠍ᠭᠡᠷ ᠰᠠᠷ᠎ᠠ ᠵᠢᠨ 12᠎ᠤᠨ ᠡᠳᠦᠷ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠰᠠᠨᠠᠯ᠎ᠲᠠᠢ ᠪᠣᠯ᠂ ᠪᠢᠴᠢᠭ᠎ᠤᠨ ᠬᠡᠯᠪᠡᠷᠢ᠎ᠪᠠᠷ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠪᠠ ᠬᠦᠴᠦᠨ ᠪᠦᠬᠦᠢ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠨ᠎ᠠ᠃

ᠬᠠᠷᠢᠯᠴᠠᠬᠤ ᠬᠥᠮᠦᠨ᠄ ᠯᠢ ᠰᠢᠶᠣᠤ ᠫᠧᠶ  ᠬᠠᠷᠢᠯᠴᠠᠬᠤ ᠤᠲᠠᠰᠤ᠄ 0471 - 2856307

ᠢᠮᠧᠯ᠄ 625140683@qq.com

ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ

 

ᠳᠠᠭ᠋ᠠᠯᠳᠤᠭᠤᠯᠤᠯ᠄ ᠪᠦᠬᠦ ᠣᠷᠣᠨ᠎ᠤ ᠮᠢᠨᠦ ᠭᠡᠷ᠎ᠤᠨ ᠰᠤᠷᠲᠠᠯ᠎ᠤᠨ ᠦᠯᠢᠭᠡᠷ᠎ᠤᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠵᠢᠴᠢ ᠭᠡᠷ᠎ᠤᠨ ᠵᠠᠬᠢᠳᠠᠯ᠎ᠢ ᠤᠩᠰᠢᠬᠤ ᠤᠷᠤᠯᠳᠤᠭ᠋ᠠᠨ᠎ᠤ ᠱᠠᠩᠨᠠᠯ ᠭᠦᠷᠲᠡᠭᠰᠡᠳ᠎ᠤᠨ ᠨᠡᠷᠡᠰ

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                  2025 ᠣᠨ᠎ᠤ 1 ᠰᠠᠷ᠎ᠠ ᠵᠢᠨ 3᠎ᠤ ᠡᠳᠦᠷ

 

ᠳᠠᠭ᠋ᠠᠯᠳᠤᠭᠤᠯᠤᠯ 1᠄ ᠪᠦᠬᠦ ᠣᠷᠣᠨ᠎ᠤ ᠮᠢᠨᠦ ᠭᠡᠷ᠎ᠤᠨ ᠰᠤᠷᠲᠠᠯ᠎ᠤᠨ ᠦᠯᠢᠭᠡᠷ᠎ᠤᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠵᠢᠴᠢ ᠭᠡᠷ᠎ᠤᠨ ᠵᠠᠬᠢᠳᠠᠯ᠎ᠢ ᠤᠩᠰᠢᠬᠤ ᠤᠷᠤᠯᠳᠤᠭ᠋ᠠᠨ᠎ᠤ ᠱᠠᠩᠨᠠᠯ ᠭᠦᠷᠲᠡᠭᠰᠡᠳ᠎ᠤᠨ ᠨᠡᠷᠡᠰ. xlsx

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ᠂ ᠰᠦᠯᠵᠢᠶᠡᠨ᠎ᠳᠠᠬᠢ ᠰᠢᠯᠢᠳᠡᠭ ᠬᠢᠴᠢᠶᠡᠯ᠂ ᠲᠡᠷᠢᠭᠦᠨ᠎ᠤ ᠭᠣᠣᠯᠯᠠᠬᠤ ᠬᠢᠴᠢᠶᠡᠯ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠳᠤᠮᠳᠠᠳᠤ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠠ ᠳᠤᠮᠳᠠᠳᠤ ᠰᠤᠷᠭ᠋ᠠᠭᠤᠯᠢ ᠵᠢᠨ ᠠᠩᠭ᠍ᠯᠢ ᠬᠡᠯᠡᠨ᠎ᠤ ᠪᠠᠭᠰᠢ ᠵᠢᠨ ᠭᠠᠳᠠᠭ᠋ᠠᠳᠤ᠎ᠳᠤ ᠭᠠᠷᠴᠤ ᠰᠤᠷᠤᠯᠴᠠᠬᠤ ᠲᠥᠷᠥᠯ ᠵᠦᠢ᠍ᠯ᠎ᠤᠨ ᠵᠢᠱ᠌ᠢᠭᠳᠡᠭᠴᠢ ᠵᠢᠨ ᠨᠡᠷᠡᠰ᠎ᠢ ᠢᠯᠡ ᠨᠡᠶ᠋ᠢᠲᠡᠯᠡᠪᠡ
2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠢ ᠰᠤᠩᠭᠤᠨ ᠰᠢᠯᠭ᠋ᠠᠬᠤ ᠱᠠᠭ᠋ᠠᠷᠳᠠᠯᠭ᠎ᠠ ᠵᠢ ᠨᠡᠶ᠋ᠢᠲᠡᠯᠡᠬᠦ ᠲᠤᠬᠠᠢ ᠠᠯᠪᠠᠨ ᠵᠠᠷᠯᠠᠯ
2024 ᠣᠨ᠎ᠤ ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
 
             蒙ICP备05000248号