ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠳᠤᠮᠳᠠᠳᠤ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠠ ᠳᠤᠮᠳᠠᠳᠤ ᠰᠤᠷᠭ᠋ᠠᠭᠤᠯᠢ ᠵᠢᠨ ᠠᠩᠭ᠍ᠯᠢ ᠬᠡᠯᠡᠨ᠎ᠤ ᠪᠠᠭᠰᠢ ᠵᠢᠨ ᠭᠠᠳᠠᠭ᠋ᠠᠳᠤ᠎ᠳᠤ ᠭᠠᠷᠴᠤ ᠰᠤᠷᠤᠯᠴᠠᠬᠤ ᠲᠥᠷᠥᠯ ᠵᠦᠢ᠍ᠯ᠎ᠤᠨ ᠵᠢᠱ᠌ᠢᠭᠳᠡᠭᠴᠢ ᠵᠢᠨ ᠨᠡᠷᠡᠰ᠎ᠢ ᠢᠯᠡ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2025-02-13

ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠵᠥᠪᠯᠡᠯ᠎ᠤᠨ 《ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠤᠯᠤᠰ᠎ᠤᠨ ᠭᠠᠳᠠᠭ᠋ᠠᠳᠤ᠎ᠳᠤ ᠰᠤᠷᠤᠯᠴᠠᠭᠰᠠᠳ᠎ᠢ ᠰᠣᠩᠭᠣᠬᠤ ᠲᠤᠬᠠᠢ ᠪᠢᠴᠢᠭ》 (ᠭᠠᠳᠠᠭ᠋ᠠᠳᠤ ᠮᠥᠩᠭᠦ ᠲᠥᠷᠦᠯ ᠵᠦᠢ᠍ᠯ [2025] 1 ᠳ᠋ᠦ᠍ᠭᠡᠷ ᠲᠣᠭ᠋ᠠᠲᠤ) ᠪᠣᠯᠤᠨ 《ᠳᠤᠮᠳᠠᠳᠤ ᠰᠤᠷᠭ᠋ᠠᠭᠤᠯᠢ ᠵᠢᠨ ᠠᠩᠭ᠍ᠯᠢ ᠬᠡᠯᠡᠨ᠎ᠤ ᠪᠠᠭᠰᠢ ᠵᠢᠨ ᠭᠠᠳᠠᠭ᠋ᠠᠳᠤ᠎ᠳᠤ ᠭᠠᠷᠴᠤ ᠰᠤᠷᠤᠯᠴᠠᠭᠰᠠᠳ᠎ᠢ ᠰᠣᠩᠭᠤᠬᠤ ᠲᠤᠬᠠᠢ  ᠪᠢᠴᠢᠭ》 (ᠭᠠᠳᠠᠭ᠋ᠠᠳᠤ ᠮᠥᠩᠭᠦ ᠲᠥᠷᠦᠯ ᠵᠦᠢ᠍ᠯ [2025] 2 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠠᠶ᠋ᠢᠮᠠᠭ ᠬᠣᠲᠠ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠰᠢᠯᠭ᠋ᠠᠷᠠᠭᠤᠯᠬᠤ ᠵᠡᠷᠭᠡ ᠵᠢ ᠳᠠᠮᠵᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠳᠤᠮᠳᠠᠳᠤ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠠ ᠳᠤᠮᠳᠠᠳᠤ ᠰᠤᠷᠭ᠋ᠠᠭᠤᠯᠢ ᠵᠢᠨ ᠠᠩᠭ᠍ᠯᠢ ᠬᠡᠯᠡᠨ᠎ᠤ ᠪᠠᠭᠰᠢ ᠵᠢᠨ ᠭᠠᠳᠠᠭ᠋ᠠᠳᠤ᠎ᠳᠤ ᠭᠠᠷᠴᠤ ᠰᠤᠷᠤᠯᠴᠠᠬᠤ ᠲᠥᠷᠥᠯ ᠵᠦᠢ᠍ᠯ᠎ᠤᠨ ᠵᠢᠱ᠌ᠢᠭᠳᠡᠭᠴᠢ᠎ᠪᠠᠷ 8 ᠬᠥᠮᠦᠨ᠎ᠢ ᠲᠠᠨᠢᠯᠴᠠᠭᠤᠯᠬᠤ᠎ᠪᠠᠷ ᠪᠠᠶ᠋ᠢᠨ᠎ᠠ᠂ ᠡᠳᠦᠭᠡ ᠵᠢᠱ᠌ᠢᠭᠳᠡᠭᠰᠡᠳ᠎ᠢ ᠢᠯᠡ ᠨᠡᠢ᠌ᠲᠡᠯᠡᠪᠡ᠃

 

ᠨᠢᠭᠡ᠂ ᠵᠢᠱ᠌ᠢᠭᠳᠡᠭᠰᠡᠳ᠎ᠤᠨ ᠨᠡᠷᠡᠰ

 

1.png

 

ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ

ᠢᠯᠡ ᠨᠡᠶ᠋ᠢᠲᠡᠯᠡᠬᠦ ᠴᠠᠭ 2025 ᠣᠨ᠎ᠤ 2 ᠰᠠᠷ᠎ᠠ ᠵᠢᠨ 11 - 2 ᠰᠠᠷ᠎ᠠ ᠵᠢᠨ 13᠎ᠤ ᠡᠳᠦᠷ (3 ᠠᠵᠢᠯᠯᠠᠬᠤ ᠡᠳᠦᠷ) ᠪᠣᠯᠤᠨ᠎ᠠ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠢᠯᠡ ᠨᠡᠶ᠋ᠢᠲᠡᠯᠡᠭᠰᠡᠨ ᠠᠭᠤᠯᠭ᠎ᠠ᠎ᠳᠤ ᠰᠠᠨᠠᠯ᠎ᠲᠠᠢ ᠪᠣᠯ᠂ ᠳᠠᠷᠤᠢ᠎ᠳᠤ᠎ᠨᠢ ᠮᠠᠨ᠎ᠤ ᠲᠢᠩᠬᠢᠮ᠎ᠤᠨ ᠬᠠᠮᠲᠤᠷᠠᠯᠴᠠᠵᠤ ᠰᠣᠯᠢᠯᠴᠠᠬᠤ ᠭᠠᠵᠠᠷ᠎ᠲᠠᠢ ᠬᠠᠷᠢᠯᠴᠠᠭ᠋ᠠᠷᠠᠢ᠃

ᠬᠠᠷᠢᠯᠴᠠᠬᠤ ᠤᠲᠠᠰᠤ᠄ 0471 - 2857134

ᠣᠨᠴᠠᠭ᠋ᠠᠶ᠋ᠢᠯᠠᠨ ᠢᠯᠡ ᠨᠡᠶ᠋ᠢᠲᠡᠯᠡᠪᠡ᠃

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                  2025 ᠣᠨ᠎ᠤ 2 ᠰᠠᠷ᠎ᠠ ᠵᠢᠨ 11᠎ᠤ ᠡᠳᠦᠷ

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠢ ᠰᠤᠩᠭᠤᠨ ᠰᠢᠯᠭ᠋ᠠᠬᠤ ᠱᠠᠭ᠋ᠠᠷᠳᠠᠯᠭ᠎ᠠ ᠵᠢ ᠨᠡᠶ᠋ᠢᠲᠡᠯᠡᠬᠦ ᠲᠤᠬᠠᠢ ᠠᠯᠪᠠᠨ ᠵᠠᠷᠯᠠᠯ
2024 ᠣᠨ᠎ᠤ ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
2024 ᠣᠨ᠎ᠤ ᠪᠦᠬᠦ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠱᠠᠩᠨᠠᠯ ᠭᠦᠷᠲᠡᠭᠰᠡᠳ᠎ᠤᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠤᠮᠠᠷᠠᠲᠤ ᠣᠷᠣᠨ᠎ᠤ ᠲᠠᠪᠤᠨ ᠮᠤᠵᠢ (ᠬᠣᠲᠠ᠂ ᠥᠪᠡᠷᠲᠡᠭᠡᠨ ᠵᠠᠰᠠᠬᠤ ᠣᠷᠣᠨ) ᠵᠢᠨ ᠤᠶᠤᠲᠠᠳ᠎ᠤᠨ ᠬᠥᠮᠦᠨ ᠨᠡᠢ᠌ᠭᠡᠮ᠎ᠤᠨ ᠮᠡᠳᠡᠯᠭᠡ ᠪᠠ ᠮᠠᠰᠢᠨ ᠬᠥᠮᠦᠨ᠎ᠤ ᠰᠢᠨᠵᠢᠯᠡᠭᠡᠨ᠎ᠤ ᠰᠠᠯᠠᠭ᠋ᠠᠨ᠎ᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠤᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
 
             蒙ICP备05000248号