ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠢ ᠰᠤᠩᠭᠤᠨ ᠰᠢᠯᠭ᠋ᠠᠬᠤ ᠱᠠᠭ᠋ᠠᠷᠳᠠᠯᠭ᠎ᠠ ᠵᠢ ᠨᠡᠶ᠋ᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-03-12

ᠰᠤᠷᠭ᠋ᠠᠨ ᠬᠥᠮᠦᠵᠢᠯ᠎ᠤᠨ ᠶᠠᠮᠤᠨ᠎ᠤ ᠨᠢᠭᠡᠳᠦᠯᠲᠡᠢ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠡᠯ᠎ᠡ ᠶᠡᠬᠡ ᠳᠡᠭᠡᠳᠦ ᠰᠤᠷᠭ᠋ᠠᠭᠤᠯᠢ 2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠶ᠋ᠢᠭ᠎ᠠ ᠡᠯ᠎ᠡ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠤᠨ ᠬᠢᠴᠢᠶᠡᠯ ᠲᠥᠷᠥᠯ᠎ᠢ ᠰᠣᠩᠭᠣᠨ ᠰᠢᠯᠭ᠋ᠠᠬᠤ ᠱᠠᠭ᠋ᠠᠷᠳᠠᠯᠭ᠎ᠠ ᠵᠢ ᠨᠠᠶ᠋ᠢᠷᠠᠭᠤᠯᠤᠨ ᠮᠡᠳᠡᠭᠦᠯᠵᠦ᠂ ᠡᠳᠦᠭᠡ ᠨᠡᠢ᠌ᠲᠡᠯᠡᠪᠡ᠂ ᠡᠨᠡ᠎ᠨᠢ ᠮᠠᠨ᠎ᠤ ᠣᠷᠣᠨ᠎ᠤ 2027 ᠣᠨ᠎ᠠᠴᠠ ᠡᠬᠢᠯᠡᠨ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠤᠷᠤᠭᠴᠢᠳ ᠳᠤᠰᠬᠠᠢ ᠮᠡᠷᠭᠡᠵᠢᠯ ᠵᠶ᠋ᠠᠨ ᠰᠣᠩᠭᠣᠬᠤ᠎ᠳᠤ ᠯᠠᠪᠯᠠᠯᠲᠠ ᠬᠠᠩᠭ᠋ᠠᠬᠤ ᠵᠢᠨ ᠬᠠᠮᠲᠤ ᠬᠣᠯᠪᠣᠭᠳᠠᠯ ᠪᠦᠬᠦᠢ ᠵᠦᠢ᠍ᠯ᠎ᠤᠨ ᠲᠤᠬᠠᠢ ᠳᠣᠣᠷᠠᠬᠢ ᠮᠡᠲᠦ  ᠲᠣᠳᠤᠷᠬᠠᠢ᠌ᠯᠠᠪᠠ᠃

ᠨᠢᠭᠡ᠂ ᠶᠡᠬᠡ ᠳᠡᠭᠡᠳᠦ ᠰᠤᠷᠭ᠋ᠠᠭᠤᠯᠢ ᠡᠮᠬᠢᠯᠡᠨ ᠨᠠᠢ᠌ᠷᠠᠭᠤᠯᠵᠤ ᠮᠡᠳᠡᠭᠦᠯᠦᠭᠰᠡᠨ ᠪᠥᠬᠦ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ) ᠶᠣᠰᠤᠭ᠋ᠠᠷ ᠰᠤᠷᠤᠭᠴᠢ ᠡᠯᠰᠡᠬᠦ ᠲᠤᠬᠠᠢ ᠵᠢᠨ ᠵᠢᠯ ᠪᠣᠯᠭ᠋ᠠᠨ ᠮᠠᠨ᠎ᠤ ᠣᠷᠣᠨ᠎ᠳᠤ ᠰᠤᠷᠤᠭᠴᠢ ᠡᠯᠰᠡᠬᠦ ᠲᠥᠯᠥᠪᠯᠡᠭᠡ ᠲᠣᠬᠢᠷᠠᠭᠤᠯᠬᠤ ᠪᠢᠰᠢ᠃ 2027 ᠣᠨ᠎ᠠᠴᠠ ᠡᠬᠢᠯᠡᠨ᠂ ᠮᠠᠨ᠎ᠤ ᠣᠷᠣᠨ᠎ᠠᠴᠠ ᠪᠣᠳᠠᠲᠠᠢ ᠰᠤᠷᠤᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ᠂ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ  ᠲᠥᠷᠥᠯ)  ᠪᠣᠯᠤᠨ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠵᠢᠴᠢ ᠶᠡᠬᠡ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠨᠢ ᠮᠠᠨ᠎ᠤ ᠣᠷᠣᠨ᠎ᠳᠤ ᠹᠢᠽᠢᠺ᠎ᠤᠨ ᠬᠢᠴᠢᠶᠡᠯ ᠲᠥᠷᠥᠯ ᠪᠠ ᠲᠡᠦᠬᠡ ᠵᠢᠨ ᠬᠢᠴᠢᠶᠡᠯ ᠲᠥᠷᠥᠯ᠎ᠤᠨ ᠰᠤᠷᠤᠭᠴᠢ ᠡᠯᠰᠡᠬᠦ ᠲᠥᠯᠥᠪᠯᠡᠭᠡ ᠵᠢ ᠲᠤᠰ ᠲᠤᠰ ᠲᠣᠬᠢᠷᠠᠭᠤᠯᠬᠤ ᠡᠰᠡᠬᠦ ᠵᠢ ᠡᠷᠬᠡᠪᠰᠢ ᠶᠡᠬᠡ ᠳᠡᠭᠡᠳᠦ ᠰᠤᠷᠭ᠋ᠠᠭᠤᠯᠢ ᠵᠢᠨ ᠨᠡᠢ᠌ᠲᠡᠯᠡᠭᠰᠡᠨ ᠲᠤᠰ ᠵᠢᠯ᠎ᠤᠨ ᠮᠠᠨ᠎ᠤ ᠣᠷᠣᠨ᠎ᠠᠴᠠ ᠰᠤᠷᠤᠭᠴᠢ ᠡᠯᠰᠡᠬᠦ ᠲᠥᠯᠥᠪᠯᠡᠭᠡ᠎ᠪᠠᠷ ᠪᠠᠷᠢᠮᠵᠢᠶ᠎ᠠ ᠪᠣᠯᠭ᠋ᠠᠬᠤ ᠬᠡᠷᠡᠭᠲᠡᠢ᠃

ᠬᠣᠶᠠᠷ᠂ ᠲᠤᠰ ᠠᠯᠪᠠᠨ ᠵᠠᠷᠯᠠᠯ ᠪᠣᠯ 2027 ᠣᠨ᠎ᠠᠴᠠ ᠡᠬᠢᠯᠡᠨ᠂ ᠮᠠᠨ᠎ᠤ ᠣᠷᠣᠨ ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠢᠯᠭ᠋ᠠᠭᠤᠯᠤᠭᠴᠢ ᠬᠢᠴᠢᠶᠡᠯ ᠲᠥᠷᠥᠯ᠎ᠢ ᠰᠣᠩᠭᠣᠬᠤ ᠦᠶ᠎ᠡ᠎ᠳᠤ ᠯᠠᠪᠯᠠᠯᠲᠠ ᠪᠣᠯᠭ᠋ᠠᠵᠤ᠂ ᠳᠠᠬᠢᠨ ᠰᠢᠨ᠎ᠡ ᠬᠢᠴᠢᠶᠡᠯ ᠲᠥᠷᠥᠯ᠎ᠢ ᠨᠡᠶ᠋ᠢᠲᠡᠯᠡᠬᠦ ᠪᠣᠯᠲᠠᠯ᠎ᠠ ᠬᠡᠷᠡᠭᠯᠡᠨ᠎ᠡ᠃ 2025 ᠣᠨ᠂ 2026 ᠣᠨ᠎ᠳᠤ᠂ ᠮᠠᠨ᠎ᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠢᠯᠭ᠋ᠠᠭᠤᠯᠤᠭᠴᠢ ᠪᠠᠰᠠ 《2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠢ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠵᠢ ᠨᠡᠶ᠋ᠢᠲᠡᠯᠡᠬᠦ ᠲᠤᠬᠠᠢ ᠠᠯᠪᠠᠨ ᠵᠠᠷᠯᠠᠯ》 ᠵᠶ᠋ᠠᠷ ᠯᠠᠪᠯᠠᠯᠲᠠ ᠪᠣᠯᠭ᠋ᠠᠬᠤ ᠵᠢᠨ ᠬᠠᠮᠲᠤ ᠰᠤᠷᠤᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ ᠵᠢᠨ ᠲᠤᠰ ᠵᠢᠯ᠎ᠤᠨ ᠨᠡᠶ᠋ᠢᠲᠡᠯᠡᠭᠰᠡᠨ ᠰᠤᠷᠤᠭᠴᠢ ᠡᠯᠰᠡᠬᠦ ᠳᠦᠷᠢᠮ ᠵᠢᠴᠢ ᠮᠠᠨ᠎ᠤ ᠣᠷᠣᠨ᠎ᠠᠴᠠ ᠰᠤᠷᠤᠭᠴᠢ ᠡᠯᠰᠡᠬᠦ ᠲᠥᠯᠥᠪᠯᠡᠭᠡ᠎ᠪᠠᠷ ᠪᠠᠷᠢᠮᠵᠢᠶ᠎ᠠ ᠪᠣᠯᠭ᠋ᠠᠨ᠎ᠠ᠃
       

ᠳᠠᠭ᠋ᠠᠯᠳᠤᠭᠤᠯᠤᠯ᠄ 2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠢ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ【ᠵᠢᠩᠬᠢᠨᠢ  ᠠᠩᠭᠢᠲᠤ ᠶᠡᠬᠡ ᠳᠡᠭᠡᠳᠦ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠳᠤᠰᠬᠠᠢ ᠮᠡᠷᠭᠡᠵᠢᠯ)᠎ᠤᠨ ᠰᠤᠷᠭ᠋ᠠᠭᠤᠯᠢ】

 

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                    2025 ᠣᠨ᠎ᠤ 3 ᠰᠠᠷ᠎ᠠ ᠵᠢᠨ 10᠎ᠤ ᠡᠳᠦᠷ

 

ᠳᠠᠭ᠋ᠠᠯᠳᠤᠭᠤᠯᠤᠯ᠄ 2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠢ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ【ᠵᠢᠩᠬᠢᠨᠢ  ᠠᠩᠭᠢᠲᠤ ᠶᠡᠬᠡ ᠳᠡᠭᠡᠳᠦ ᠰᠤᠷᠭ᠋ᠠᠭᠤᠯᠢ᠂ ᠳᠡᠭᠡᠳᠦ ᠵᠡᠷᠭᠡ  ᠵᠢᠨ ᠠᠵᠢᠯ ᠮᠡᠷᠭᠡᠵᠢᠯ (ᠳᠤᠰᠬᠠᠢ ᠮᠡᠷᠭᠡᠵᠢᠯ)᠎ᠤᠨ ᠰᠤᠷᠭ᠋ᠠᠭᠤᠯᠢ】. xlsx

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2024 ᠣᠨ᠎ᠤ ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
2024 ᠣᠨ᠎ᠤ ᠪᠦᠬᠦ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠱᠠᠩᠨᠠᠯ ᠭᠦᠷᠲᠡᠭᠰᠡᠳ᠎ᠤᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠤᠮᠠᠷᠠᠲᠤ ᠣᠷᠣᠨ᠎ᠤ ᠲᠠᠪᠤᠨ ᠮᠤᠵᠢ (ᠬᠣᠲᠠ᠂ ᠥᠪᠡᠷᠲᠡᠭᠡᠨ ᠵᠠᠰᠠᠬᠤ ᠣᠷᠣᠨ) ᠵᠢᠨ ᠤᠶᠤᠲᠠᠳ᠎ᠤᠨ ᠬᠥᠮᠦᠨ ᠨᠡᠢ᠌ᠭᠡᠮ᠎ᠤᠨ ᠮᠡᠳᠡᠯᠭᠡ ᠪᠠ ᠮᠠᠰᠢᠨ ᠬᠥᠮᠦᠨ᠎ᠤ ᠰᠢᠨᠵᠢᠯᠡᠭᠡᠨ᠎ᠤ ᠰᠠᠯᠠᠭ᠋ᠠᠨ᠎ᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠤᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠢ ᠲᠠᠨᠢᠯᠴᠠᠭᠤᠯᠵᠤ ᠬᠢᠨᠠᠨ ᠳᠤᠭᠲᠠᠭ᠋ᠠᠯᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠶ᠋ᠢᠲᠡᠯᠡᠯ
 
             蒙ICP备05000248号