ᠰᠤᠷᠭ᠋ᠠᠨ ᠬᠥᠮᠦᠵᠢᠯ᠎ᠤᠨ ᠶᠠᠮᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠵᠤᠷᠭ᠋ᠠᠨ᠎ᠤ 《ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠤᠨ ᠪᠠᠶ᠋ᠢᠭᠤᠯᠤᠯᠲᠠ ᠵᠢᠨ ᠠᠵᠢᠯ᠎ᠢ ᠡᠬᠢᠯᠡᠭᠦᠯᠬᠦ ᠲᠤᠬᠠᠢ ᠮᠡᠳᠡᠭᠳᠡᠯ》 (ᠰᠤᠷᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠵᠤᠷᠭ᠋ᠠᠨ ᠪᠢᠴᠢᠭ [2025] 2 ᠳ᠋ᠤᠭ᠋ᠠᠷ ᠲᠣᠭ᠋ᠠᠲᠤ) ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠢ ᠲᠠᠨᠢᠯᠴᠠᠭᠤᠯᠵᠤ ᠬᠢᠨᠠᠨ ᠳᠣᠭᠲᠠᠭ᠋ᠠᠯᠭ᠋ᠠᠬᠤ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠲᠣᠭᠲᠠᠭ᠋ᠠᠬᠤ᠎ᠪᠠᠷ ᠳᠠᠮᠵᠢᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠤ ᠲᠤᠷᠰᠢᠯᠲᠠ ᠵᠢᠨ ᠲᠠᠰᠤᠭ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠪᠡ᠃
ᠢᠯᠡ ᠨᠡᠶ᠋ᠢᠲᠡᠯᠡᠬᠦ ᠬᠤᠭᠤᠴᠠᠭ᠎ᠠ 4 ᠰᠠᠷ᠎ᠠ ᠵᠢᠨ 11 - 4 ᠰᠠᠷ᠎ᠠ ᠵᠢᠨ 18᠎ᠤ ᠡᠳᠦᠷ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠢᠯᠡ ᠨᠡᠢ᠌ᠲᠡᠯᠡᠭᠰᠡᠨ ᠠᠭᠤᠯᠭ᠎ᠠ᠎ᠳᠤ ᠰᠠᠨᠠᠯ᠎ᠲᠠᠢ ᠪᠣᠯ᠂ ᠤᠲᠠᠰᠤ᠂ ᠵᠠᠬᠢᠳᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ᠎ᠲᠤ ᠲᠤᠰᠬᠠᠵᠤ ᠪᠣᠯᠤᠨ᠎ᠠ᠃ ᠪᠠᠶ᠋ᠢᠳᠠᠯ᠎ᠢ ᠲᠤᠰᠬᠠᠬᠤ᠎ᠳᠤ ᠡᠷᠬᠡᠪᠰᠢ ᠪᠤᠰᠤᠳᠴᠢ ᠪᠥᠭᠡᠳ ᠦᠨᠡᠨ ᠪᠣᠳᠠᠲᠠᠢ ᠵᠢ ᠪᠠᠷᠢᠮᠲᠠᠯᠠᠵᠤ᠂ ᠨᠢᠭᠡᠴᠢ ᠵᠢᠨ ᠨᠡᠷ᠎ᠡ᠎ᠪᠠᠷ ᠪᠠᠶ᠋ᠢᠳᠠᠯ᠎ᠢ ᠲᠤᠰᠬᠠᠬᠤ ᠮᠠᠲ᠋ᠧᠷᠢᠶᠠᠯ᠎ᠳᠤ ᠨᠢᠭᠡᠴᠢ ᠵᠢᠨ ᠲᠠᠮᠠᠭ᠎ᠠ ᠳᠠᠷᠤᠵᠤ᠂ ᠬᠤᠪᠢ ᠬᠥᠮᠦᠨ᠎ᠤ ᠨᠡᠷ᠎ᠡ᠎ᠪᠠᠷ ᠪᠠᠶ᠋ᠢᠳᠠᠯ᠎ᠢ ᠲᠤᠰᠬᠠᠬᠤ ᠮᠠᠲ᠋ᠧᠷᠢᠶᠠᠯ᠎ᠳᠤ ᠦᠨᠡᠨ ᠨᠡᠷ᠎ᠡ ᠵᠢ ᠪᠢᠴᠢᠬᠦ ᠵᠢᠨ ᠬᠠᠮᠲᠤ ᠦᠨᠡᠨ ᠪᠣᠳᠠᠲᠠᠢ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠵᠤ᠂ ᠪᠠᠶ᠋ᠢᠳᠠᠯ᠎ᠢ ᠪᠠᠶ᠋ᠢᠴᠠᠭ᠋ᠠᠵᠤ ᠬᠢᠨᠠᠨ ᠬᠠᠷᠭᠤᠭᠤᠯᠬᠤ ᠪᠠ ᠬᠠᠷᠢᠭᠤ ᠲᠤᠰᠬᠠᠬᠤ᠎ᠳᠤ ᠳᠥᠭᠥᠮ ᠦᠵᠡᠭᠦᠯᠬᠦ ᠬᠡᠷᠡᠭᠲᠡᠢ᠃
ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠬᠠᠷᠢᠯᠴᠠᠬᠤ ᠤᠲᠠᠰᠤ᠄ 0471 - 2856026
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ᠄ 0471 - 2856612
ᠢᠮᠧᠯ᠄ jytkjcwy@163.com
ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2025 ᠣᠨ᠎ᠤ 4 ᠰᠠᠷ᠎ᠠ ᠵᠢᠨ 11᠎ᠤ ᠡᠳᠦᠷ
