ᠰᠤᠷᠭ᠋ᠠᠨ ᠬᠥᠮᠦᠵᠢᠯ᠎ᠤᠨ ᠶᠠᠮᠤᠨ᠎ᠤ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠯᠥᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ》 (ᠰᠤᠷᠭ᠋ᠠᠨ ᠠᠵᠢᠯ ᠮᠡᠷᠭᠡᠵᠢᠯ ᠨᠠᠰᠤᠨ᠎ᠳᠤ ᠬᠦᠷᠦᠭᠰᠡᠳ ᠲᠢᠩᠬᠢᠮ [2021] 3 ᠳ᠋ᠤᠭ᠋ᠠᠷ ᠲᠣᠭ᠋ᠠᠲᠤ)᠂ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠬᠣᠶᠠᠳᠤᠭ᠋ᠠᠷ ᠪᠦᠯᠦᠭ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠥᠯᠥᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠢ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠲᠤᠬᠠᠢ ᠮᠡᠳᠡᠭᠳᠡᠯ》 (ᠰᠤᠷᠭ᠋ᠠᠨ ᠠᠵᠢᠯ ᠮᠡᠷᠭᠡᠵᠢᠯ ᠨᠠᠰᠤᠨ᠎ᠳᠤ ᠬᠦᠷᠦᠭᠰᠡᠳ ᠲᠢᠩᠬᠢᠮ ᠪᠢᠴᠢᠭ [2025] 1 ᠳ᠋ᠦ᠍ᠭᠡᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠶᠠᠳᠤᠭ᠋ᠠᠷ ᠪᠦᠯᠦᠭ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠥᠯᠥᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠢ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠲᠤᠬᠠᠢ ᠮᠡᠳᠡᠭᠳᠡᠯ》 (ᠥᠪᠥᠷ ᠰᠤᠷᠭ᠋ᠠᠨ ᠵᠢᠭ᠋ᠠᠬᠤ ᠮᠠᠲ᠋ᠧᠷᠢᠶᠠᠯ ᠪᠢᠴᠢᠭ [2025] 6 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠨᠢᠭᠡᠴᠢ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠮᠠᠭ᠋ᠠᠳᠯᠠᠨ ᠲᠣᠭᠲᠠᠭ᠋ᠠᠬᠤ ᠪᠠ ᠬᠢᠨᠠᠨ ᠪᠠᠢ᠌ᠴᠠᠭ᠋ᠠᠬᠤ ᠪᠠᠷ ᠳᠠᠮᠵᠢᠨ᠂ 52 ᠵᠦᠢ᠍ᠯ᠎ᠤᠨ ᠵᠢᠭ᠋ᠠᠬᠤ ᠮᠠᠲ᠋ᠧᠷᠢᠶᠠᠯ (ᠵᠢᠭ᠋ᠠᠨ ᠰᠤᠷᠭ᠋ᠠᠯᠲᠠ ᠰᠤᠷᠭ᠋ᠠᠨ ᠬᠥᠮᠥᠵᠢᠯ᠎ᠢ ᠵᠢᠯᠣᠭᠣᠳᠬᠤ ᠵᠥᠪᠯᠡᠯ᠎ᠤᠨ ᠲᠠᠨᠢᠯᠴᠠᠭᠤᠯᠬᠤ᠎ᠪᠠᠷ ᠪᠠᠢ᠌ᠭ᠎ᠠ ᠵᠢᠭ᠋ᠠᠬᠤ ᠮᠠᠲ᠋ᠧᠷᠢᠶᠠᠯ 2 ᠵᠦᠢ᠍ᠯ᠎ᠢ ᠪᠠᠭᠲᠠᠭ᠋ᠠᠨ᠎ᠠ)᠎ᠢ ᠲᠠᠨᠢᠯᠴᠠᠭᠤᠯᠵᠤ᠂ ᠬᠣᠶᠠᠳᠤᠭ᠋ᠠᠷ ᠪᠦᠯᠦᠭ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠥᠯᠥᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠢ ᠰᠢᠯᠭ᠋ᠠᠷᠠᠭᠤᠯᠬᠤ᠎ᠳᠤ ᠣᠷᠣᠯᠴᠠᠨ᠎ᠠ᠂ ᠡᠳᠦᠭᠡ ᠢᠯᠡ ᠨᠡᠶ᠋ᠢᠲᠡᠯᠡᠪᠡ᠃
ᠨᠢᠭᠡ᠂ ᠢᠯᠡ ᠨᠡᠶ᠋ᠢᠲᠡᠯᠡᠬᠦ ᠴᠠᠭ᠄ 2025 ᠣᠨ᠎ᠤ 4 ᠰᠠᠷ᠎ᠠ ᠵᠢᠨ 14 - 18᠎ᠤ ᠡᠳᠦᠷ᠃
ᠬᠣᠶᠠᠷ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠰᠠᠨᠠᠯ᠎ᠲᠠᠢ ᠪᠣᠯ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ᠂ ᠢᠮᠧᠯ ᠵᠡᠷᠭᠡ ᠬᠡᠯᠪᠡᠷᠢ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠲᠤᠰᠬᠠᠵᠤ ᠪᠣᠯᠤᠨ᠎ᠠ᠃ ᠨᠢᠭᠡᠴᠢ ᠪᠠᠶ᠋ᠢᠳᠠᠯ᠎ᠢ ᠲᠤᠰᠬᠠᠬᠤ᠎ᠳᠤ᠎ᠪᠠᠨ ᠡᠷᠬᠡᠪᠰᠢ ᠵᠢᠩᠬᠢᠨᠢ ᠵᠠᠬᠢᠳᠠᠯ᠎ᠤᠨ ᠵᠦᠢ᠍ᠯ᠎ᠳᠤ ᠲᠠᠮᠠᠭ᠎ᠠ ᠳᠠᠷᠤᠬᠤ ᠬᠡᠷᠡᠭᠲᠡᠢ; ᠬᠤᠪᠢ ᠬᠥᠮᠦᠨ᠎ᠤ ᠪᠠᠶ᠋ᠢᠳᠠᠯ᠎ᠢ ᠲᠤᠰᠬᠠᠬᠤ᠎ᠳᠤ᠎ᠪᠠᠨ ᠡᠷᠬᠡᠪᠰᠢ ᠲᠤᠰ ᠬᠥᠮᠦᠨ᠎ᠤ ᠦᠨᠡᠨ ᠪᠣᠳᠠᠲᠠᠢ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠎ᠢ ᠲᠤᠰᠢᠶᠠᠵᠤ ᠭᠠᠷᠤᠨ ᠦᠰᠦᠭ ᠵᠢᠷᠤᠬᠤ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠢᠴᠢ ᠬᠠᠮᠢᠶ᠎ᠠ ᠪᠦᠬᠦᠢ ᠭᠡᠷᠡᠴᠢ ᠪᠠᠷᠢᠮᠲᠠ ᠬᠠᠩᠭ᠋ᠠᠬᠤ ᠬᠡᠷᠡᠭᠲᠡᠢ᠃ ᠨᠡᠷ᠎ᠡ ᠪᠤᠷᠤᠭᠤᠯᠠᠭᠰᠠᠨ ᠪᠤᠶᠤ ᠬᠤᠭᠤᠴᠠᠭ᠎ᠠ ᠬᠡᠲᠦᠷᠡᠭᠰᠡᠨ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
ᠬᠠᠷᠢᠯᠴᠠᠬᠤ ᠤᠲᠠᠰᠤ᠄ 0471 - 2857045
ᠢᠮᠧᠯ᠄ nmgjytjjc2021@163.com
ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠢᠭ᠋ᠠᠬᠤ ᠮᠠᠲ᠋ᠧᠷᠢᠶᠠᠯ ᠪᠣᠯᠤᠨ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠬᠠᠮᠢᠶᠠᠷᠤᠯᠲᠠ ᠵᠢᠨ ᠭᠠᠵᠠᠷ
ᠰᠢᠤᠳᠠᠨ ᠨᠣᠮᠧᠷ᠄ 010011
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠥᠯᠥᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠤᠨ ᠲᠠᠨᠢᠯᠴᠠᠭᠤᠯᠬᠤ᠎ᠪᠠᠷ ᠪᠠᠢ᠌ᠭ᠎ᠠ ᠨᠡᠷᠡᠰ (ᠨᠡᠷᠡᠰ᠎ᠤᠨ ᠵᠢᠭᠰᠠᠭ᠋ᠠᠯᠲᠠ᠎ᠳᠤ ᠡᠮᠦᠨ᠎ᠡ ᠬᠣᠢ᠌ᠨ᠎ᠠ ᠭᠡᠵᠦ ᠢᠯᠭ᠋ᠠᠬᠤ ᠦᠭᠡᠢ)᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2025 ᠣᠨ᠎ᠤ 4 ᠰᠠᠷ᠎ᠠ ᠵᠢᠨ 14᠎ᠤ ᠡᠳᠦᠷ