ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄
ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠵᠡᠭᠦᠨ ᠪᠠᠷᠠᠭᠤᠨ ᠣᠷᠣᠨ ᠬᠠᠮᠵᠢᠯᠴᠠᠬᠤ ᠠᠵᠢᠯ᠎ᠢ ᠭᠦᠨᠵᠡᠭᠡᠶ᠋ᠢᠷᠡᠭᠦᠯᠬᠦ ᠲᠤᠬᠠᠢ ᠵᠥᠪᠯᠡᠯᠴᠡᠬᠡᠷ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠪᠡᠭᠡᠵᠢᠩ ᠥᠪᠥᠷ ᠮᠣᠩᠭᠣᠯ᠎ᠤᠨ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠬᠠᠮᠲᠤ᠎ᠳᠤ᠎ᠪᠠᠨ ᠴᠢᠩᠭ᠋ᠠᠳᠬᠠᠬᠤ ᠵᠢᠨ ᠲᠥᠯᠥᠭᠡ᠂ ᠰᠤᠳᠤᠯᠤᠨ ᠲᠣᠭᠲᠠᠭ᠋ᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠠ ᠪᠡᠭᠡᠵᠢᠩ ᠬᠣᠲᠠ ᠵᠢᠨ ᠰᠤᠷᠭ᠋ᠠᠨ ᠬᠥᠮᠥᠵᠢᠯ᠎ᠤᠨ ᠵᠦᠪᠯᠡᠯ ᠬᠠᠮᠲᠤᠷᠠᠨ ᠡᠷᠬᠢᠯᠡᠵᠦ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠨᠡᠶ᠋ᠢᠰᠯᠡᠯ᠎ᠤᠨ ᠪᠠᠭᠰᠢ ᠵᠢᠨ ᠶᠡᠬᠡ ᠰᠤᠷᠭ᠋ᠠᠭᠤᠯᠢ 《ᠪᠡᠭᠡᠵᠢᠩ ᠥᠪᠥᠷ ᠮᠣᠩᠭᠣᠯ ᠭᠠᠷ ᠬᠣᠯᠪᠣᠨ · ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ》 ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠣᠩᠬᠣ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ (ᠳᠣᠷᠣᠭᠰᠢ ᠤᠷᠤᠯᠳᠤᠭ᠋ᠠᠨ ᠭᠡᠵᠦ ᠳᠦᠭᠦᠮᠴᠢᠯᠡᠨ᠎ᠡ)᠎ᠢ ᠳᠠᠭ᠋ᠠᠭ᠋ᠠᠴᠢᠯᠠᠨ ᠡᠷᠬᠢᠯᠡᠵᠦ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠥᠵᠢᠯ᠎ᠤᠨ ᠬᠠᠮᠵᠢᠯᠴᠠᠭ᠋ᠠᠨ᠎ᠤ ᠣᠶᠤᠨᠴᠢ ᠳᠠᠪᠴᠠᠩ (ᠳᠣᠷᠤᠭᠰᠢ ᠳᠠᠪᠴᠠᠩ ᠭᠡᠵᠦ ᠳᠦᠭᠦᠮᠴᠢᠯᠡᠨ᠎ᠡ) ᠳᠡᠮᠵᠢᠪᠡ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠤᠷᠤᠯᠳᠤᠭ᠋ᠠᠨ᠎ᠤ ᠴᠠᠭ
2025 ᠣᠨ᠎ᠤ 5 ᠰᠠᠷ᠎ᠠ ᠵᠢᠨ 13 - 10 ᠰᠠᠷ᠎ᠠ ᠵᠢᠨ 31᠎ᠤ ᠡᠳᠦᠷ᠃
ᠬᠣᠶᠠᠷ᠂ ᠤᠷᠤᠯᠳᠤᠭ᠋ᠠᠨ᠎ᠤ ᠠᠭᠤᠯᠭ᠎ᠠ ᠵᠢᠨ ᠲᠣᠳᠣᠷᠬᠠᠶ᠋ᠢᠯᠠᠯᠲᠠ
(ᠨᠢᠭᠡ) ᠤᠷᠤᠯᠳᠤᠭ᠋ᠠᠨ᠎ᠳᠤ ᠣᠷᠣᠯᠴᠠᠬᠤ ᠡᠲᠡᠭᠡᠳ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠤᠨ ᠪᠡᠭᠡᠵᠢᠩ ᠬᠣᠲᠠ ᠵᠢᠨ ᠡᠯ᠎ᠡ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ (ᠦᠵᠡᠯ ᠰᠠᠨᠠᠭ᠎ᠠ ᠤᠯᠤᠰ ᠲᠥᠷᠥ)᠂ ᠰᠢᠨᠵᠢᠯᠡᠬᠦ ᠤᠬᠠᠭ᠋ᠠᠨ᠂ ᠹᠢᠽᠢᠺ᠂ ᠬᠢᠮᠢ᠂ ᠠᠮᠢᠳᠤ ᠪᠣᠳᠠᠰ᠎ᠤᠨ ᠬᠢᠴᠢᠶᠡᠯ ᠲᠥᠷᠦᠯ᠎ᠤᠨ ᠪᠠᠭᠰᠢ᠎ᠳᠤ ᠬᠠᠨᠳᠤᠭᠤᠯᠵᠤ᠂ ᠵᠢᠭ᠋ᠠᠬᠤ ᠵᠢ ᠰᠤᠳᠤᠯᠤᠭᠴᠢᠳ ᠵᠢᠴᠢ ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠨᠢᠭᠡᠨᠲᠡ ᠭᠦᠷᠲᠡᠭᠰᠡᠨ ᠪᠠᠭᠰᠢ ᠵᠢ ᠪᠠᠭᠲᠠᠭ᠋ᠠᠬᠤ ᠦᠭᠡᠢ᠃
(ᠬᠣᠶᠠᠷ) ᠤᠷᠤᠯᠳᠤᠭ᠋ᠠᠨ᠎ᠳᠤ ᠣᠷᠣᠯᠴᠠᠬᠤ ᠬᠡᠯᠪᠡᠷᠢ
ᠡᠨᠡ ᠤᠳᠠᠭ᠋ᠠᠨ᠎ᠤ ᠤᠷᠤᠯᠳᠤᠭ᠋ᠠᠨ᠎ᠳᠤ ᠪᠡᠭᠡᠵᠢᠩ ᠥᠪᠥᠷ ᠮᠣᠩᠭᠣᠯ᠎ᠤᠨ 《ᠪᠦᠯᠬᠦᠮ ᠪᠠᠶ᠋ᠢᠭᠤᠯᠬᠤ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠭᠤᠯᠢ᠂ 《ᠭᠠᠷ ᠬᠣᠯᠪᠣᠨ》 ᠬᠣᠷᠰᠢᠶᠠᠯᠠᠵᠤ ᠬᠠᠪᠰᠤᠷᠤᠨ ᠲᠡᠳᠬᠦᠬᠦ ᠰᠤᠷᠭ᠋ᠠᠭᠤᠯᠢ ᠳᠤᠭᠤᠶ᠋ᠢᠯᠠᠩ ᠵᠣᠬᠢᠶᠠᠨ ᠪᠠᠶ᠋ᠢᠭᠤᠯᠵᠤ ᠤᠷᠤᠯᠳᠤᠭ᠋ᠠᠨ᠎ᠳᠤ ᠣᠷᠣᠯᠴᠠᠬᠤ ᠵᠢ ᠱᠠᠭ᠋ᠠᠷᠳᠠᠵᠤ᠂ ᠳᠡᠭᠡᠷ᠎ᠡ ᠳᠤᠷᠠᠳᠤᠭᠳᠠᠭᠰᠠᠨ ᠦᠭᠡᠢ ᠪᠡᠭᠡᠵᠢᠩ ᠥᠪᠥᠷ ᠮᠣᠩᠭᠣᠯ᠎ᠤᠨ ᠬᠣᠷᠰᠢᠶᠠᠯᠠᠵᠤ ᠬᠠᠪᠰᠤᠷᠤᠨ ᠲᠡᠳᠬᠦᠬᠦ ᠰᠤᠷᠭ᠋ᠠᠭᠤᠯᠢ ᠪᠡᠶ᠎ᠡ ᠳᠠᠭ᠋ᠠᠭ᠋ᠠᠵᠤ ᠪᠡᠭᠡᠵᠢᠩ᠎ᠤᠨ ᠰᠤᠷᠭ᠋ᠠᠭᠤᠯᠢ᠎ᠲᠠᠢ ᠳᠤᠭᠤᠢ᠌ᠯᠠᠩ ᠵᠣᠬᠢᠶᠠᠨ ᠪᠠᠶ᠋ᠢᠭᠤᠯᠵᠤ ᠤᠷᠤᠯᠳᠤᠭ᠋ᠠᠨ᠎ᠳᠤ ᠣᠷᠣᠯᠴᠠᠵᠤ ᠪᠣᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠪᠡᠭᠡᠵᠢᠩ ᠬᠣᠲᠠ ᠵᠢᠨ ᠪᠠᠭᠰᠢ ᠲᠤᠰ ᠪᠦᠷᠢ 1 ᠬᠥᠮᠦᠨ ᠳᠣᠭᠤᠢ᠌ᠯᠠᠩ ᠵᠣᠬᠢᠶᠠᠨ ᠪᠠᠶ᠋ᠢᠭᠤᠯᠤᠨ ᠤᠷᠤᠯᠳᠤᠭ᠋ᠠᠨ᠎ᠳᠤ ᠣᠷᠣᠯᠴᠠᠬᠤ᠎ᠳᠤ᠂ ᠪᠠᠭᠰᠢ ᠨᠢᠭᠡ ᠪᠦᠷᠢ ᠵᠢ ᠵᠦᠪᠬᠡᠨ 1 ᠳᠤᠭᠤᠢ᠌ᠯᠠᠩ᠎ᠤᠨ ᠤᠷᠤᠯᠳᠤᠭ᠋ᠠᠨ᠎ᠳᠤ ᠣᠷᠣᠯᠴᠠᠬᠤ᠎ᠪᠠᠷ ᠬᠢᠵᠠᠭ᠋ᠠᠷᠯᠠᠨ᠂ ᠳᠠᠪᠬᠤᠷᠳᠠᠭᠤᠯᠤᠨ ᠣᠷᠣᠯᠴᠠᠵᠤ ᠪᠣᠯᠬᠤ ᠦᠭᠡᠢ᠃ ᠬᠤᠪᠢ ᠬᠥᠮᠦᠨ᠎ᠤ ᠨᠡᠷ᠎ᠡ ᠮᠡᠳᠡᠭᠦᠯᠬᠦ ᠵᠢ ᠵᠦᠪᠰᠢᠶᠡᠷᠡᠬᠦ ᠦᠭᠡᠢ᠃
(ᠭᠤᠷᠪᠠ) ᠪᠥᠲᠦᠭᠡᠯ᠎ᠤᠨ ᠠᠭᠤᠯᠭ᠎ᠠ
ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠠᠭᠤᠯᠭ᠎ᠠ ᠡᠷᠬᠡᠪᠰᠢ ᠵᠣᠬᠢᠬᠤ ᠰᠤᠷᠤᠯᠭ᠎ᠠ ᠵᠢᠨ ᠱᠠᠲᠤᠨ᠎ᠤ ᠬᠢᠴᠢᠶᠡᠯ ᠲᠥᠷᠦᠯ᠎ᠤᠨ ᠬᠢᠴᠢᠶᠡᠯ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠵᠦ᠂ 《ᠬᠣᠶᠠᠷ᠎ᠢ ᠬᠥᠩᠭᠡᠷᠡᠭᠦᠯᠬᠦ》 ᠵᠢᠴᠢ ᠰᠢᠨ᠎ᠡ ᠬᠢᠴᠢᠶᠡᠯ᠎ᠤᠨ ᠪᠠᠷᠢᠮᠵᠢᠶ᠎ᠠ ᠵᠢᠨ ᠣᠨᠣᠯᠵᠢᠬᠤᠨ᠎ᠢ ᠨᠠᠶ᠋ᠢᠳᠠᠪᠤᠷᠢᠵᠢᠭᠤᠯᠤᠨ᠂ ᠲᠣᠭ᠋ᠠᠵᠢᠭᠤᠯᠤᠭᠰᠠᠨ ᠮᠡᠷᠭᠡᠵᠢᠯ᠎ᠤᠨ ᠬᠡᠷᠡᠭᠯᠡᠯᠲᠡ ᠪᠣᠯᠤᠨ ᠦᠨᠡᠯᠡᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢ ᠴᠢᠩᠭ᠋ᠠᠷᠠᠭᠤᠯᠤᠨ᠂ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ᠂ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠠᠬᠢᠭᠤᠯᠬᠤ ᠬᠡᠷᠡᠭᠲᠡᠢ᠃ ᠪᠣᠳᠠᠲᠠᠢ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠥᠪᠥᠷ ᠮᠣᠩᠭᠣᠯ᠎ᠤᠨ ᠪᠠᠭᠰᠢ ᠵᠢᠭ᠋ᠠᠵᠤ ᠪᠠᠢ᠌ᠭ᠎ᠠ ᠬᠢᠴᠢᠶᠡᠯ ᠲᠥᠷᠥᠯ᠎ᠤᠨ ᠣᠳᠣ ᠵᠢᠨ ᠬᠡᠷᠡᠭᠯᠡᠵᠦ ᠪᠠᠢ᠌ᠭ᠎ᠠ ᠵᠢᠭ᠋ᠠᠬᠤ ᠮᠠᠲ᠋ᠧᠷᠢᠶᠠᠯ᠎ᠠᠴᠠ ᠥᠪᠡᠰᠦᠪᠡᠨ ᠰᠣᠩᠭᠣᠨ᠎ᠠ᠃
(ᠳᠥᠷᠪᠡ) ᠪᠥᠲᠦᠭᠡᠯ᠎ᠤᠨ ᠱᠠᠭ᠋ᠠᠷᠳᠠᠯᠭ᠎ᠠ
1. ᠡᠷᠬᠡᠪᠰᠢ ᠤᠷᠤᠯᠳᠤᠭ᠋ᠠᠨ᠎ᠳᠤ ᠣᠷᠣᠯᠴᠠᠭᠴᠢ ᠵᠢᠨ ᠠᠩᠬᠠᠨ᠎ᠤ ᠪᠦᠲᠦᠭᠡᠯ ᠪᠠᠢ᠌ᠬᠤ᠃
2. ᠰᠤᠷᠭ᠋ᠠᠭᠤᠯᠢ ᠵᠢᠨ ᠳᠡᠰ᠎ᠠᠴᠠ ᠳᠡᠭᠡᠭᠰᠢᠬᠢ (ᠰᠤᠷᠭ᠋ᠠᠭᠤᠯᠢ ᠵᠢᠨ ᠳᠡᠰ᠎ᠢ ᠪᠠᠭᠲᠠᠭ᠋ᠠᠨ᠎ᠠ) ᠢᠯᠡ ᠬᠢᠴᠢᠶᠡᠯ ᠵᠶ᠋ᠠᠷ ᠳᠡᠯᠭᠡᠨ ᠦᠵᠡᠭᠦᠯᠵᠦ ᠥᠩᠭᠡᠷᠡᠭᠰᠡᠨ ᠦᠭᠡᠢ᠃
3. ᠪᠤᠰᠤᠳ ᠡᠯ᠎ᠡ ᠲᠥᠷᠥᠯ᠎ᠤᠨ ᠤᠷᠤᠯᠳᠤᠭ᠋ᠠᠨ᠎ᠳᠤ ᠣᠷᠣᠯᠴᠠᠵᠤ ᠥᠩᠭᠡᠷᠡᠭᠰᠡᠨ ᠦᠭᠡᠢ᠃
4. ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠭᠰᠠᠨ᠃
(ᠲᠠᠪᠤ) ᠤᠷᠤᠯᠳᠤᠭ᠋ᠠᠨ᠎ᠳᠤ ᠣᠷᠣᠯᠴᠠᠬᠤ ᠳᠤᠭᠤᠶ᠋ᠢᠯᠠᠩ᠎ᠤᠨ ᠢᠯᠭ᠋ᠠᠯ
ᠤᠷᠤᠯᠳᠤᠭ᠋ᠠᠨ᠎ᠢ ᠰᠤᠷᠤᠯᠭ᠎ᠠ ᠵᠢᠨ ᠱᠠᠲᠤᠨ᠎ᠤ ᠬᠢᠴᠢᠶᠡᠯ ᠲᠥᠷᠦᠯ ᠵᠶ᠋ᠡᠷ16 ᠳᠤᠭᠤᠶ᠋ᠢᠯᠠᠩ ᠬᠤᠪᠢᠶᠠᠪᠠ᠃
ᠪᠠᠭ᠎ᠠ ᠰᠤᠷᠭ᠋ᠠᠭᠤᠯᠢ᠄ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠰᠢᠨᠵᠢᠯᠡᠬᠦ ᠤᠬᠠᠭ᠋ᠠᠨ ᠵᠡᠷᠭᠡ 4 ᠳᠤᠭᠤᠶ᠋ᠢᠯᠠᠩ ;
ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠄ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ (ᠦᠵᠡᠯ ᠰᠠᠨᠠᠭ᠎ᠠ ᠤᠯᠤᠰ ᠲᠥᠷᠥ)᠂ ᠹᠢᠽᠢᠺ᠂ ᠬᠢᠮᠢ᠂ ᠠᠮᠢᠳᠤ ᠪᠣᠳᠠᠰ ᠲᠤᠰ ᠪᠦᠷᠢ 6 ᠳᠤᠭᠤᠶ᠋ᠢᠯᠠᠩ᠃
ᠬᠣᠷᠰᠢᠶᠠᠯᠠᠭᠰᠠᠨ ᠰᠤᠷᠭ᠋ᠠᠭᠤᠯᠢ ᠪᠣᠯᠭ᠋ᠠᠨ᠎ᠤ ᠰᠤᠷᠤᠯᠭ᠎ᠠ ᠵᠢᠨ ᠱᠠᠲᠤ ᠪᠦᠷᠢ ᠬᠠᠮᠤᠭ᠎ᠤᠨ ᠣᠯᠠᠨ᠎ᠳᠤ᠎ᠪᠠᠨ 3 ᠳᠤᠭᠤᠶ᠋ᠢᠯᠠᠩ ᠰᠣᠩᠭᠣᠨ ᠤᠷᠤᠯᠳᠤᠭ᠋ᠠᠨ᠎ᠳᠤ ᠣᠷᠣᠯᠴᠠᠭᠤᠯᠵᠤ᠂ ᠡᠭᠦᠨ᠎ᠳᠤ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ (ᠦᠵᠡᠯ ᠰᠠᠨᠠᠭ᠎ᠠ ᠤᠯᠤᠰ ᠲᠥᠷᠥ) ᠵᠢ ᠵᠠᠪᠠᠯ ᠰᠣᠩᠭᠣᠬᠤ ᠳᠤᠭᠤᠶ᠋ᠢᠯᠠᠩ ᠪᠣᠯᠭ᠋ᠠᠵᠤ᠂ ᠡᠭᠦᠨ᠎ᠠᠴᠠ ᠭᠠᠳᠠᠨ᠎ᠠ 2 ᠳᠤᠭᠤᠶ᠋ᠢᠯᠠᠩ᠎ᠢ ᠲᠤᠰ ᠲᠤᠰ ᠰᠤᠷᠭ᠋ᠠᠭᠤᠯᠢ ᠥᠪᠡᠰᠦᠪᠡᠨ ᠰᠣᠩᠭᠤᠨ᠎ᠠ᠃
(ᠵᠢᠷᠭᠤᠭ᠎ᠠ) ᠪᠥᠲᠦᠭᠡᠯ᠎ᠤᠨ ᠲᠣᠭ᠎ᠠ
ᠬᠣᠷᠰᠢᠶᠠᠯᠠᠭᠰᠠᠨ ᠰᠤᠷᠭ᠋ᠠᠭᠤᠯᠢ ᠪᠣᠯᠭ᠋ᠠᠨ᠎ᠤ ᠳᠤᠭᠤᠢ᠌ᠯᠠᠩ ᠪᠦᠷᠢ ᠬᠠᠮᠤᠭ᠎ᠤᠨ ᠣᠯᠠᠨ᠎ᠳᠤ᠎ᠪᠠᠨ 1 ᠪᠦᠲᠦᠭᠡᠯ ᠳᠤᠰᠢᠶᠠᠨ᠎ᠠ᠃
(ᠳᠤᠯᠤᠭ᠎ᠠ) ᠤᠷᠤᠯᠳᠤᠭ᠋ᠠᠨ᠎ᠤ ᠶᠠᠪᠤᠴᠠ
1. ᠰᠦᠯᠵᠢᠶᠡᠨ᠎ᠳᠤ ᠨᠡᠷ᠎ᠡ ᠮᠡᠳᠡᠭᠦᠯᠬᠦ
5 ᠳ᠋ᠤᠭ᠋ᠠᠷ ᠰᠠᠷ᠎ᠠ ᠵᠢᠨ 13 - 6 ᠳ᠋ᠤᠭ᠋ᠠᠷ ᠰᠠᠷ᠎ᠠ ᠵᠢᠨ 10᠎ᠤ ᠡᠳᠦᠷ᠂ ᠪᠡᠭᠡᠵᠢᠩ ᠥᠪᠥᠷ ᠮᠣᠩᠭᠣᠯ᠎ᠤᠨ ᠬᠣᠷᠰᠢᠶᠠᠯᠠᠭᠰᠠᠨ ᠰᠤᠷᠭ᠋ᠠᠭᠤᠯᠢ ᠬᠠᠷᠢᠯᠴᠠᠵᠤ᠂ ᠲᠤᠰ ᠲᠤᠰ ᠨᠢᠭᠡ ᠬᠠᠷᠢᠭᠤᠴᠠᠯᠭ᠋ᠠᠲᠠᠨ᠎ᠢ ᠲᠣᠮᠢᠯᠠᠨ ᠤᠷᠤᠯᠳᠤᠭ᠋ᠠᠨ᠎ᠤ ᠬᠣᠶᠠᠷ ᠬᠡᠮᠵᠢᠯᠳᠦ ᠺᠣᠳ᠋᠎ᠢ ᠰᠢᠷᠪᠢᠵᠦ᠂ ᠤᠷᠤᠯᠳᠤᠭ᠋ᠠᠨ᠎ᠤ ᠠᠵᠢᠯ᠎ᠤᠨ ᠴᠤᠭᠯᠠᠷᠠᠯ (ᠳᠠᠭ᠋ᠠᠯᠳᠤᠭᠤᠯᠤᠯ 1᠎ᠢ ᠦᠵᠡᠭᠡᠷᠡᠢ)᠎ᠳᠤ ᠣᠷᠣᠵᠤ᠂ ᠤᠷᠤᠯᠳᠤᠭ᠋ᠠᠨ᠎ᠳᠤ ᠣᠷᠣᠯᠴᠠᠬᠤ ᠳᠤᠭᠤᠶ᠋ᠢᠯᠠᠩ ᠪᠠ ᠤᠷᠤᠯᠳᠤᠭ᠋ᠠᠨ᠎ᠳᠤ ᠣᠷᠣᠯᠴᠠᠬᠤ ᠪᠠᠭᠰᠢ ᠵᠢ ᠶᠠᠷᠢᠯᠴᠠᠵᠤ ᠳᠣᠭᠲᠠᠭ᠋ᠠᠨ᠎ᠠ᠃
ᠥᠪᠥᠷ ᠮᠣᠩᠭᠣᠯ᠎ᠤᠨ ᠤᠷᠤᠯᠳᠤᠭ᠋ᠠᠨ᠎ᠳᠤ ᠣᠷᠣᠯᠴᠠᠬᠤ ᠪᠠᠭᠰᠢ ᠲᠠᠪᠴᠠᠩ᠎ᠳᠤ ᠳᠠᠩᠰᠠᠯᠠᠭᠤᠯᠤᠨ ᠤᠷᠤᠯᠳᠤᠭ᠋ᠠᠨ᠎ᠤ ᠭᠣᠣᠯ ᠨᠢᠭᠤᠷ᠎ᠲᠤ ᠣᠷᠣᠵᠤ᠂ ᠥᠪᠡᠷ᠎ᠤᠨ ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠲᠠᠭᠯᠠᠨ᠂ 《ᠪᠠᠭᠰᠢ ᠵᠢᠨ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠬᠦᠰᠦᠨᠦᠭᠲᠦ》 ᠵᠢᠨ ᠲᠠᠮᠠᠭ᠎ᠠ ᠳᠠᠷᠤᠵᠤ ᠰᠢᠷᠪᠢᠭᠰᠡᠨ ᠮᠠᠲ᠋ᠧᠷᠢᠶᠠᠯ (ᠳᠠᠭ᠋ᠠᠯᠳᠤᠭᠤᠯᠤᠯ 2᠎ᠢ ᠦᠵᠡᠭᠡᠷᠡᠢ) ᠵᠢᠴᠢ 《ᠪᠡᠭᠡᠵᠢᠩ ᠥᠪᠥᠷ ᠮᠣᠩᠭᠣᠯ᠎ᠤᠨ ᠰᠤᠷᠭ᠋ᠠᠭᠤᠯᠢ ᠬᠣᠷᠰᠢᠶᠠᠯᠠᠬᠤ ᠬᠡᠯᠡᠯᠴᠡᠭᠡᠷ》᠎ᠢ ᠳᠠᠮᠵᠢᠭᠤᠯᠬᠤ ᠵᠢᠨ ᠬᠠᠮᠲᠤ ᠪᠡᠭᠡᠵᠢᠩ᠎ᠤᠨ ᠪᠠᠭᠰᠢ᠎ᠪᠠᠷ ᠬᠤᠪᠢ ᠬᠥᠮᠦᠨ᠎ᠤ ᠮᠡᠳᠡᠭᠡ ᠵᠠᠩᠭᠢ ᠵᠢ᠎ᠨᠢ ᠲᠠᠭᠯᠠᠭᠤᠯᠬᠤ ᠬᠡᠷᠡᠭᠲᠡᠢ᠃ ᠪᠡᠭᠡᠵᠢᠩ᠎ᠤᠨ ᠤᠷᠤᠯᠳᠤᠭ᠋ᠠᠨ᠎ᠳᠤ ᠣᠷᠣᠯᠴᠠᠬᠤ ᠪᠠᠭᠰᠢ ᠨᠠᠷ ᠤᠷᠢᠯᠭ᠎ᠠ ᠪᠠ ᠵᠠᠯᠭ᠋ᠠᠭ᠋ᠠᠰᠤ ᠵᠢ ᠬᠦᠯᠢᠶᠡᠨ ᠠᠪᠤᠭᠰᠠᠨ᠎ᠤ ᠳᠠᠷᠠᠭ᠎ᠠ᠂ ᠬᠤᠪᠢ ᠬᠥᠮᠦᠨ᠎ᠤ ᠮᠡᠳᠡᠭᠡ ᠵᠠᠩᠭᠢ᠎ᠪᠠᠨ ᠲᠠᠭᠯᠠᠵᠤ᠂ ᠥᠪᠥᠷ ᠮᠣᠩᠭᠣᠯ᠎ᠤᠨ ᠤᠷᠤᠯᠳᠤᠭ᠋ᠠᠨ᠎ᠳᠤ ᠣᠷᠣᠯᠴᠠᠬᠤ ᠪᠠᠭᠰᠢ ᠨᠠᠷ ᠰᠦᠯᠵᠢᠶᠡᠨ᠎ᠳᠤ ᠨᠡᠷ᠎ᠡ ᠮᠡᠳᠡᠭᠦᠯᠬᠦ ᠵᠢᠨ ᠬᠠᠮᠲᠤ ᠬᠢᠨᠠᠨ ᠪᠠᠢ᠌ᠴᠠᠭ᠋ᠠᠬᠤ ᠵᠢ ᠬᠦᠯᠢᠶᠡᠨ᠎ᠡ᠃ ᠪᠠᠭᠰᠢ ᠵᠢᠨ ᠨᠡᠷ᠎ᠡ ᠮᠡᠳᠡᠭᠦᠯᠬᠦ ᠵᠦᠭᠯᠡᠭᠦᠷ᠎ᠢ ᠳᠠᠭ᠋ᠠᠯᠳᠤᠭᠤᠯᠤᠯ 5᠎ᠳᠤ ᠨᠠᠷᠢᠨ ᠦᠵᠡᠭᠡᠷᠡᠢ᠃
2. ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠢ ᠲᠤᠰᠢᠶᠠᠨ᠎ᠠ
6 ᠳ᠋ᠤᠭ᠋ᠠᠷ ᠰᠠᠷ᠎ᠠ ᠵᠢᠨ 16 - 7 ᠳ᠋ᠤᠭ᠋ᠠᠷ ᠰᠠᠷ᠎ᠠ ᠵᠢᠨ 15᠎ᠤ ᠡᠳᠦᠷ᠂ ᠥᠪᠥᠷ ᠮᠣᠩᠭᠣᠯ᠎ᠤᠨ ᠤᠷᠤᠯᠳᠤᠭ᠋ᠠᠨ᠎ᠳᠤ ᠣᠷᠣᠯᠴᠠᠬᠤ ᠪᠠᠭᠰᠢ ᠨᠠᠷ ᠲᠠᠪᠴᠠᠩ᠎ᠳᠤ ᠳᠠᠩᠰᠠᠯᠠᠭᠤᠯᠵᠤ᠂ ᠲᠤᠰ ᠳᠤᠭᠤᠢ᠌ᠯᠠᠩ᠎ᠤᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠢ ᠳᠠᠮᠵᠢᠭᠤᠯᠵᠤ᠂ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠳᠤ ᠵᠢᠭ᠋ᠠᠨ ᠰᠤᠷᠭ᠋ᠠᠯᠲᠠ ᠵᠢᠨ ᠸᠢᠳᠢᠣ᠋ ᠵᠢᠴᠢ ᠢᠵᠢ ᠪᠦᠷᠢᠳᠦᠭᠰᠡᠨ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ (ᠵᠢᠭ᠋ᠠᠨ ᠰᠤᠷᠭ᠋ᠠᠯᠲᠠ ᠵᠢᠨ ᠸᠢᠳᠢᠤ᠋ ᠵᠢᠨ ᠠᠭᠤᠯᠭ᠎ᠠ ᠵᠢᠨ ᠱᠠᠭ᠋ᠠᠷᠳᠠᠯᠭ᠎ᠠ ᠵᠢ ᠳᠠᠭ᠋ᠠᠯᠳᠤᠭᠤᠯᠤᠯ 3᠂ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ ᠵᠢᠨ ᠠᠭᠤᠯᠭ᠎ᠠ ᠵᠢ ᠳᠠᠭ᠋ᠠᠯᠳᠤᠭᠤᠯᠤᠯ 6᠂ ᠪᠥᠲᠦᠭᠡᠯ ᠲᠤᠰᠢᠶᠠᠬᠤ ᠵᠦᠭᠯᠡᠭᠦᠷ᠎ᠢ ᠳᠠᠭ᠋ᠠᠯᠳᠤᠭᠤᠯᠤᠯ 6᠎ᠳᠤ ᠦᠵᠡᠭᠡᠷᠡᠢ) ᠵᠢ ᠪᠠᠭᠲᠠᠭ᠋ᠠᠨ᠎ᠠ᠃ ᠪᠦᠲᠦᠭᠡᠯ᠎ᠢ ᠬᠡᠪ᠎ᠤᠨ ᠪᠠᠶ᠋ᠢᠳᠠᠯ ᠵᠶ᠋ᠠᠷ ᠰᠢᠯᠭ᠋ᠠᠷᠠᠭᠤᠯᠬᠤ ᠵᠢ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠤᠷᠤᠯᠳᠤᠭ᠋ᠠᠨ᠎ᠳᠤ ᠣᠷᠣᠯᠴᠠᠬᠤ ᠪᠠᠭᠰᠢ ᠪᠦᠲᠦᠭᠡᠯ᠎ᠢ ᠳᠡᠭᠡᠭᠰᠢ ᠳᠠᠮᠵᠢᠭᠤᠯᠤᠭᠰᠠᠨ᠎ᠤ ᠳᠠᠷᠠᠭ᠎ᠠ᠂ ᠪᠡᠭᠡᠵᠢᠩ᠎ᠤᠨ ᠤᠷᠤᠯᠳᠤᠭ᠋ᠠᠨ᠎ᠳᠤ ᠣᠷᠣᠯᠴᠠᠬᠤ ᠪᠠᠭᠰᠢ ᠲᠠᠪᠴᠠᠩ᠎ᠳᠤ ᠣᠷᠣᠵᠤ ᠪᠤᠷᠤᠭᠤ ᠦᠭᠡᠢ ᠭᠡᠵᠦ ᠨᠤᠲᠠᠯᠠᠭᠰᠠᠨ᠎ᠤ ᠳᠠᠷᠠᠭ᠎ᠠ ᠰᠠᠶᠢ ᠪᠦᠲᠦᠭᠡᠯ᠎ᠢ ᠳᠤᠰᠢᠶᠠᠨ᠎ᠠ᠃
3. ᠬᠣᠰᠢᠭᠤ ᠰᠢᠶᠠᠨ᠂ ᠠᠶ᠋ᠢᠮᠠᠭ ᠬᠣᠲᠠ ᠵᠢᠨ ᠠᠩᠬᠠᠨ᠎ᠤ ᠬᠢᠨᠠᠨ ᠪᠠᠢ᠌ᠴᠠᠭ᠋ᠠᠯᠲᠠ
7 ᠳ᠋ᠤᠭ᠋ᠠᠷ ᠰᠠᠷ᠎ᠠ ᠵᠢᠨ 16 - 8 ᠳ᠋ᠤᠭ᠋ᠠᠷ ᠰᠠᠷ᠎ᠠ ᠵᠢᠨ 17᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠰᠢᠭᠤ ᠰᠢᠶᠠᠨ᠂ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠲᠠᠪᠴᠠᠩ ᠵᠶ᠋ᠠᠷ ᠳᠠᠮᠵᠢᠭᠤᠯᠤᠨ ᠲᠤᠰ ᠬᠣᠰᠢᠭᠤ ᠰᠢᠶᠠᠨ᠂ ᠠᠶ᠋ᠢᠮᠠᠭ ᠬᠣᠲᠠ ᠵᠢᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠢ ᠱᠠᠲᠤ ᠳᠠᠷᠠᠭ᠋ᠠᠯᠠᠨ ᠬᠢᠨᠠᠨ ᠰᠢᠯᠭ᠋ᠠᠷᠠᠭᠤᠯᠬᠤ ᠵᠢᠨ ᠬᠠᠮᠲᠤ ᠰᠢᠯᠢᠳᠡᠭ ᠪᠦᠲᠦᠭᠡᠯ᠎ᠢ ᠰᠣᠩᠭᠣᠵᠤ᠂ ᠳᠠᠬᠢᠨ ᠬᠢᠨᠠᠯᠲᠠ᠎ᠳᠤ ᠣᠷᠣᠭᠤᠯᠤᠨ᠎ᠠ᠃ ᠠᠩᠬᠠᠨ᠎ᠤ ᠬᠢᠨᠠᠯᠲᠠ ᠵᠢᠨ ᠦᠷ᠎ᠡ ᠳ᠋ᠦᠩ᠎ᠢ ᠲᠠᠪᠴᠠᠩ᠎ᠤᠨ ᠠᠯᠪᠠᠨ᠎ᠤ ᠰᠦᠯᠵᠢᠶ᠎ᠡ᠎ᠳᠤ 3 ᠡᠳᠦᠷ ᠨᠡᠢ᠌ᠲᠡᠯᠡᠨ᠎ᠡ᠃
4. ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ᠎ᠤᠨ ᠳᠠᠬᠢᠨ ᠬᠢᠨᠠᠯᠲᠠ
8 ᠰᠠᠷ᠎ᠠ ᠵᠢᠨ 20 - 9 ᠰᠠᠷ᠎ᠠ ᠵᠢᠨ 20᠎ᠤ ᠡᠳᠦᠷ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ ᠪᠡᠭᠡᠵᠢᠩ ᠥᠪᠥᠷ ᠮᠣᠩᠭᠣᠯ᠎ᠤᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠲᠠᠪᠴᠠᠩ᠎ᠳᠤ ᠳᠠᠬᠢᠨ ᠬᠢᠨᠠᠵᠤ᠂ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠪᠠ ᠰᠢᠯᠢᠳᠡᠭ ᠱᠠᠩᠨᠠᠯ᠎ᠢ ᠰᠢᠯᠭ᠋ᠠᠷᠠᠭᠤᠯᠤᠨ᠎ᠠ᠃ ᠳᠠᠬᠢᠨ ᠬᠢᠨᠠᠭᠰᠠᠨ ᠦᠷ᠎ᠡ ᠳ᠋ᠦᠩ᠎ᠢ ᠲᠠᠪᠴᠠᠩ᠎ᠤᠨ ᠠᠯᠪᠠᠨ ᠰᠦᠯᠵᠢᠶᠡᠨ᠎ᠳᠤ 5 ᠡᠳᠦᠷ ᠢᠯᠡ ᠨᠡᠶ᠋ᠢᠲᠡᠯᠡᠨ᠎ᠡ᠃
5. ᠳ᠋ᠦᠩᠨᠡᠵᠦ ᠳᠡᠯᠭᠡᠨ ᠦᠵᠡᠭᠦᠯᠬᠦ ᠠᠵᠢᠯᠯᠠᠭ᠎ᠠ
10 ᠰᠠᠷ᠎ᠠ ᠵᠢᠨ ᠬᠣᠷᠢᠳ ᠵᠶ᠋ᠠᠷ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ᠎ᠠᠴᠠ ᠱᠠᠩᠨᠠᠯ ᠣᠯᠤᠭᠰᠠᠨ ᠬᠡᠰᠡᠭ ᠪᠠᠭᠰᠢ ᠵᠢ ᠤᠷᠢᠵᠤ᠂ ᠠᠬᠤᠢ ᠲᠠᠯᠠᠪᠠᠢ᠎ᠳᠤ ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ ᠠᠬᠤᠢ ᠲᠠᠯᠠᠪᠠᠢ᠎ᠳᠤ ᠦᠨᠡᠯᠡᠬᠦ ᠵᠢᠨ ᠬᠠᠮᠲᠤ ᠱᠠᠩᠨᠠᠯ ᠣᠯᠤᠭᠰᠠᠨ ᠪᠡᠭᠡᠵᠢᠩ ᠥᠪᠥᠷ ᠮᠣᠩᠭᠣᠯ᠎ᠤᠨ ᠪᠠᠭᠰᠢ ᠵᠢᠨ ᠲᠥᠯᠥᠭᠡᠯᠡᠭᠴᠢᠳ᠎ᠲᠤ ᠢᠷᠠᠭᠤ ᠠᠯᠳᠠᠷ᠎ᠤᠨ ᠦᠨᠡᠮᠯᠡᠯ ᠣᠯᠭᠣᠵᠤ᠂ ᠪᠣᠳᠠᠲᠠᠢ ᠲᠣᠬᠢᠷᠠᠭᠤᠯᠤᠯᠲᠠ ᠵᠢ ᠠᠰᠲᠤᠨᠢ ᠮᠡᠳᠡᠭᠳᠡᠨ᠎ᠡ᠃
ᠭᠤᠷᠪᠠ᠂ ᠤᠷᠤᠯᠳᠤᠭ᠋ᠠᠨ᠎ᠤ ᠦᠷ᠎ᠡ ᠳ᠋ᠦᠩ
ᠡᠨᠡ ᠤᠳᠠᠭ᠋ᠠᠨ᠎ᠤ ᠤᠷᠤᠯᠳᠤᠭ᠋ᠠᠨ᠎ᠳᠤ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠪᠠ ᠰᠢᠯᠢᠳᠡᠭ ᠱᠠᠩᠨᠠᠯ᠎ᠢ ᠳᠤᠭᠲᠠᠭ᠋ᠠᠵᠤ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ ᠤᠷᠤᠯᠳᠤᠭ᠋ᠠᠨ᠎ᠤ ᠪᠠᠶ᠋ᠢᠳᠠᠯ᠎ᠢ ᠦᠵᠡᠵᠦ ᠡᠴᠦᠰ᠎ᠤᠨ ᠱᠠᠩᠨᠠᠯ ᠬᠦᠷᠲᠡᠬᠦ ᠬᠠᠷᠢᠴᠠᠯ ᠪᠠ ᠨᠡᠷᠡᠰ᠎ᠢ ᠲᠣᠭᠲᠠᠭ᠋ᠠᠨ᠎ᠠ᠃ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠬᠦ ᠳᠤᠭᠤᠢ᠌ᠯᠠᠩ᠎ᠤᠨ ᠪᠠᠭᠰᠢ᠎ᠳᠤ ᠢᠷᠠᠭᠤ ᠠᠯᠳᠠᠷ᠎ᠤᠨ ᠦᠨᠡᠮᠯᠡᠯ ᠣᠯᠭᠣᠵᠤ᠂ ᠢᠷᠠᠭᠤ ᠠᠯᠳᠠᠷ᠎ᠤᠨ ᠦᠨᠡᠮᠯᠡᠯ᠎ᠢ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠮᠲᠤᠷᠠᠨ ᠣᠯᠭᠣᠨ᠎ᠠ᠃
ᠳᠥᠷᠪᠡ᠂ ᠤᠷᠤᠯᠳᠤᠭ᠋ᠠᠨ᠎ᠤ ᠠᠵᠢᠯ᠎ᠤᠨ ᠱᠠᠭ᠋ᠠᠷᠳᠠᠯᠭ᠎ᠠ
(ᠨᠢᠭᠡ) ᠨᠠᠷᠢᠨ ᠨᠢᠮᠪᠠᠢ ᠵᠣᠬᠢᠶᠠᠨ ᠪᠠᠢ᠌ᠭᠤᠯᠤᠨ᠎ᠠ᠃ ᠡᠨᠡ ᠤᠳᠠᠭ᠋ᠠᠨ᠎ᠤ ᠤᠷᠤᠯᠳᠤᠭ᠋ᠠᠨ ᠪᠣᠯ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠮᠲᠤᠷᠠᠨ ᠡᠷᠬᠢᠯᠡᠭᠰᠡᠨ ᠲᠣᠮᠣ ᠬᠡᠯᠪᠡᠷᠢ ᠵᠢᠨ ᠤᠷᠤᠯᠳᠤᠭ᠋ᠠᠨ ᠮᠥᠨ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢᠨ 《ᠭᠤᠷᠪᠠᠨ ᠨᠢᠭᠡ · ᠭᠤᠷᠪᠠᠨ ᠠᠳᠠᠯᠢ》 ᠵᠢᠨ ᠪᠠᠢ᠌ᠩᠭᠤ ᠵᠢᠨ ᠬᠠᠮᠵᠢᠯᠴᠠᠭ᠋ᠠᠨ᠎ᠤ ᠲᠣᠭᠲᠠᠴᠠ ᠵᠢᠨ ᠴᠢᠬᠤᠯᠠ ᠠᠭᠤᠯᠭ᠎ᠠ᠂ ᠪᠡᠭᠡᠵᠢᠩ ᠥᠪᠥᠷ ᠮᠣᠩᠭᠣᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠴᠢᠬᠤᠯᠠ ᠲᠠᠪᠴᠠᠩ ᠮᠥᠨ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠤᠷᠤᠯᠳᠤᠭ᠋ᠠᠨ᠎ᠤ ᠠᠵᠢᠯᠯᠠᠭ᠎ᠠ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠤᠷᠤᠯᠳᠤᠭ᠋ᠠᠨ᠎ᠳᠤ ᠨᠡᠷ᠎ᠡ ᠮᠡᠳᠡᠭᠦᠯᠬᠦ ᠪᠠ ᠠᠩᠬᠠᠨ᠎ᠤ ᠬᠢᠨᠠᠯᠲᠠ ᠵᠢᠨ ᠠᠵᠢᠯ᠎ᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠵᠤ᠂ ᠤᠷᠤᠯᠳᠤᠭ᠋ᠠᠨ᠎ᠢ ᠬᠣᠰᠢᠭᠤ ᠰᠢᠶᠠᠨ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠬᠠᠷᠢᠶ᠎ᠠ ᠭᠠᠵᠠᠷ᠎ᠤᠨ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ᠎ᠳᠤ ᠳᠠᠷᠤᠢ᠎ᠳᠤ᠎ᠨᠢ ᠮᠡᠳᠡᠭᠳᠡᠵᠦ᠂ ᠤᠷᠤᠯᠳᠤᠭ᠋ᠠᠨ᠎ᠢ ᠠᠮᠵᠢᠯᠲᠠ᠎ᠲᠠᠢ ᠥᠷᠨᠢᠭᠦᠯᠬᠦ ᠵᠢ ᠦᠨᠡᠨ ᠬᠦ᠌ ᠪᠠᠲᠤᠯᠠᠨ᠎ᠠ᠃
(ᠬᠣᠶᠠᠷ) ᠥᠷᠭᠡᠨ ᠵᠶ᠋ᠠᠷ ᠰᠣᠩᠭᠤᠨ᠎ᠠ᠃ ᠡᠯ᠎ᠡ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢᠨ ᠠᠵᠠ ᠲᠣᠬᠢᠶᠠᠯ᠎ᠢ ᠰᠠᠢ᠌ᠲᠤᠷ ᠠᠳᠬᠤᠵᠤ᠂ ᠤᠷᠤᠯᠳᠤᠭ᠋ᠠᠨ᠎ᠠᠴᠠ ᠭᠠᠷᠳᠠᠵᠤ᠂ ᠲᠣᠭ᠋ᠠᠵᠢᠭᠤᠯᠤᠭᠰᠠᠨ ᠴᠠᠭ ᠦᠶ᠎ᠡ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠎ᠳᠤ ᠰᠠᠨᠠᠭ᠋ᠠᠴᠢᠯᠠᠭ᠎ᠠ ᠠᠴᠠ᠎ᠪᠠᠨ ᠵᠣᠬᠢᠴᠠᠨ᠂ ᠲᠤᠰ ᠰᠤᠷᠭ᠋ᠠᠭᠤᠯᠢ ᠵᠢᠨ ᠭᠣᠣᠯᠯᠠᠭᠴᠢ ᠪᠠᠭᠰᠢ ᠵᠢᠨ ᠡᠩᠨᠡᠭᠡ ᠵᠢ ᠬᠥᠮᠦᠵᠢᠭᠦᠯᠬᠦ᠎ᠪᠠᠷ ᠵᠣᠷᠢᠯᠲᠠ ᠪᠣᠯᠭ᠋ᠠᠵᠤ᠂ ᠪᠠᠭᠰᠢ ᠵᠢ ᠢᠳᠡᠪᠬᠢᠲᠡᠢ ᠵᠣᠬᠢᠶᠠᠨ ᠪᠠᠶ᠋ᠢᠭᠤᠯᠤᠨ ᠤᠷᠤᠯᠳᠤᠭ᠋ᠠᠨ᠎ᠳᠤ ᠣᠷᠣᠯᠴᠠᠭᠤᠯᠵᠤ᠂ ᠤᠷᠤᠯᠳᠤᠭ᠋ᠠᠨ᠎ᠳᠤ ᠣᠷᠣᠯᠴᠠᠬᠤ ᠪᠠᠭᠰᠢ ᠵᠢ ᠵᠢᠯᠣᠭᠣᠳᠤᠨ ᠤᠷᠤᠯᠳᠤᠭ᠋ᠠᠨ᠎ᠳᠤ ᠣᠷᠣᠯᠴᠠᠭᠤᠯᠤᠨ᠂ ᠮᠡᠷᠭᠡᠵᠢᠯ᠂ ᠲᠠᠯᠠᠪᠤᠷ ᠵᠡᠷᠭᠡ ᠴᠢᠬᠤᠯᠠ ᠪᠦᠬᠦᠢ ᠳᠡᠮᠵᠢᠯᠭᠡ ᠬᠠᠩᠭ᠋ᠠᠬᠤ ᠵᠢᠨ ᠬᠠᠮᠲᠤ ᠡᠭᠦᠨ ᠵᠶ᠋ᠠᠷ ᠲᠠᠪᠴᠠᠩ ᠪᠣᠯᠭ᠋ᠠᠵᠤ᠂ ᠬᠣᠷᠰᠢᠶᠠᠯᠠᠭᠰᠠᠨ ᠰᠤᠷᠭ᠋ᠠᠭᠤᠯᠢ ᠵᠢᠨ ᠬᠣᠭᠣᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ᠃
(ᠭᠤᠷᠪᠠ) ᠬᠠᠷᠢᠭᠤᠴᠠᠯᠭ᠎ᠠ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠵᠢᠴᠢ ᠡᠯ᠎ᠡ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠤᠷᠤᠯᠳᠤᠭ᠋ᠠᠨ᠎ᠳᠤ ᠣᠷᠣᠯᠴᠠᠬᠤ ᠪᠠᠭᠰᠢ ᠵᠢᠨ ᠮᠣᠷᠠᠯ ᠪᠠᠭᠰᠢ ᠵᠢᠨ ᠰᠤᠷᠲᠠᠯ ᠵᠢᠴᠢ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠤᠨ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠵᠢ ᠴᠢᠩᠭ᠎ᠠ ᠠᠳᠬᠤᠵᠤ᠂ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠢ ᠵᠦᠷᠢᠴᠡᠵᠦ ᠪᠣᠯᠬᠤ ᠦᠭᠡᠢ᠃ ᠡᠭᠦᠨ᠎ᠤ ᠬᠠᠮᠲᠤ᠂ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠡᠷᠬᠡᠪᠰᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠢ ᠴᠢᠩᠭ᠎ᠠ ᠬᠢᠨᠠᠨ ᠪᠠᠶ᠋ᠢᠴᠠᠭ᠋ᠠᠵᠤ᠂ ᠬᠢᠨᠠᠨ ᠲᠣᠭᠲᠠᠭ᠋ᠠᠬᠤ ᠠᠵᠢᠯ᠎ᠤᠨ ᠲᠥᠪ ᠭᠣᠣᠯᠴᠢ ᠴᠢᠨᠠᠷ ᠪᠠ ᠲᠥᠪ ᠴᠢᠩᠭ᠎ᠠ ᠴᠢᠨᠠᠷ᠎ᠢ ᠦᠨᠡᠨ ᠬᠦ᠌ ᠪᠠᠲᠤᠯᠠᠨ᠎ᠠ᠃ ᠳᠡᠭᠡᠭᠰᠢ ᠲᠤᠰᠢᠶᠠᠭᠰᠠᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠡᠷᠬᠡᠪᠰᠢ ᠠᠩᠬᠠᠨ᠎ᠤ ᠪᠥᠲᠦᠭᠡᠯ᠎ᠤᠨ ᠴᠢᠨᠠᠷ᠂ ᠦᠨᠡᠨ ᠪᠣᠳᠠᠲᠤ ᠴᠢᠨᠠᠷ᠎ᠢ ᠪᠠᠲᠤᠯᠠᠨ᠂ ᠬᠠᠭᠤᠯᠪᠤᠷᠢᠯᠠᠵᠤ᠂ ᠪᠤᠰᠤᠳ᠎ᠤᠨ ᠪᠦᠲᠦᠭᠡᠯ᠎ᠢ ᠬᠤᠯᠠᠭ᠋ᠠᠶ᠋ᠢᠯᠠᠨ ᠠᠪᠴᠤ ᠪᠣᠯᠬᠤ ᠦᠭᠡᠢ᠂ ᠬᠡᠷᠪᠡ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠲᠠᠢ ᠪᠤᠶᠤ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠣᠯᠪᠣᠭᠳᠠᠬᠤ ᠵᠢᠭᠤᠷᠠᠯᠳᠤᠭ᠋ᠠᠨ᠎ᠲᠠᠢ ᠪᠣᠯ᠂ ᠤᠷᠤᠯᠳᠤᠭ᠋ᠠᠨ᠎ᠳᠤ ᠣᠷᠣᠯᠴᠠᠬᠤ ᠪᠠᠭᠰᠢ ᠥᠪᠡᠰᠦᠪᠡᠨ ᠵᠣᠬᠢᠬᠤ ᠬᠠᠷᠢᠭᠤᠴᠠᠯᠭ᠎ᠠ ᠵᠢ ᠡᠭᠦᠷᠭᠡᠯᠡᠨ᠎ᠡ᠃ ᠬᠡᠷᠪᠡ ᠬᠠᠭᠤᠷᠮᠠᠭ ᠪᠣᠯ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ᠎ᠠᠴᠠ ᠲᠡᠭᠦᠨ᠎ᠤ ᠤᠷᠤᠯᠳᠤᠭ᠋ᠠᠨ᠎ᠳᠤ ᠣᠷᠣᠯᠴᠠᠬᠤ ᠬᠢᠷᠢ ᠭᠡᠮ᠎ᠢ ᠬᠠᠰᠤᠬᠤ ᠵᠢᠨ ᠬᠠᠮᠲᠤ ᠬᠠᠷᠢᠶ᠎ᠠ ᠭᠠᠵᠠᠷ᠎ᠤᠨ ᠰᠤᠷᠭ᠋ᠠᠨ ᠬᠥᠮᠦᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠨ᠎ᠡ᠃
ᠲᠠᠪᠤ᠂ ᠬᠠᠷᠢᠯᠴᠠᠬᠤ ᠠᠷᠭ᠎ᠠ ᠮᠠᠶᠢᠭ
ᠵᠣᠬᠢᠶᠠᠨ ᠪᠠᠶ᠋ᠢᠭᠤᠯᠬᠤ ᠺᠣᠮᠢᠰ᠎ᠤᠨ ᠬᠠᠷᠢᠯᠴᠠᠬᠤ ᠬᠥᠮᠦᠨ᠄ ᠸᠠᠩ ᠪᠠᠭᠰᠢ
ᠬᠠᠷᠢᠯᠴᠠᠬᠤ ᠤᠲᠠᠰᠤ᠄ 010 - 88512948 (ᠠᠵᠢᠯᠯᠠᠬᠤ ᠡᠳᠦᠷ 9᠄ 00 - 11᠄ 30᠂ 14᠄ 00 - 18᠄ 00)
ᠢᠮᠧᠯ᠄ 3629@cnu.edu.cn
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠷᠢᠯᠴᠠᠬᠤ ᠬᠥᠮᠦᠨ᠄ ᠰᠢᠦᠢ ᠽᠢ ᠵᠢᠶᠠᠨ
ᠬᠠᠷᠢᠯᠴᠠᠬᠤ ᠤᠲᠠᠰᠤ᠄ 0471 - 2857134
ᠳᠠᠭ᠋ᠠᠯᠳᠤᠭᠤᠯᠤᠯ᠄
1. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠬᠠᠷᠢᠯᠴᠠᠬᠤ ᠬᠣᠶᠠᠷ ᠬᠡᠮᠵᠢᠯᠳᠦ ᠺᠣᠳ᠋
2. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠠᠭᠰᠢ ᠵᠢᠨ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠬᠦᠰᠦᠨᠦᠭ
3. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠤᠨ ᠸᠢᠳᠢᠤ᠋ ᠵᠢᠨ ᠱᠠᠭ᠋ᠠᠷᠳᠠᠯᠭ᠎ᠠ
4. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ ᠵᠢᠨ ᠵᠠᠭᠪᠤᠷ
5. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠠᠭᠰᠢ ᠰᠦᠯᠵᠢᠶᠡᠨ᠎ᠳᠤ ᠨᠡᠷ᠎ᠡ ᠮᠡᠳᠡᠭᠦᠯᠬᠦ ᠵᠦᠭᠯᠡᠭᠦᠷ
6. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠤᠨ ᠵᠦᠭᠯᠡᠭᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2025 ᠣᠨ᠎ᠤ 5 ᠰᠠᠷ᠎ᠠ ᠵᠢᠨ 20᠎ᠤ ᠡᠳᠦᠷ
ᠳᠠᠭ᠋ᠠᠯᠳᠤᠭᠤᠯᠤᠯ1᠄ 1. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠬᠠᠷᠢᠯᠴᠠᠬᠤ ᠬᠣᠶᠠᠷ ᠬᠡᠮᠵᠢᠯᠳᠦ ᠺᠣᠳ᠋ .docx
ᠳᠠᠭ᠋ᠠᠯᠳᠤᠭᠤᠯᠤᠯ2᠄ 2. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠠᠭᠰᠢ ᠵᠢᠨ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠬᠦᠰᠦᠨᠦᠭ .docx
ᠳᠠᠭ᠋ᠠᠯᠳᠤᠭᠤᠯᠤᠯ3᠄ 3. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠤᠨ ᠸᠢᠳᠢᠤ᠋ ᠵᠢᠨ ᠱᠠᠭ᠋ᠠᠷᠳᠠᠯᠭ᠎ᠠ .docx
ᠳᠠᠭ᠋ᠠᠯᠳᠤᠭᠤᠯᠤᠯ4᠄ 4. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ ᠵᠢᠨ ᠵᠠᠭᠪᠤᠷ .docx
ᠳᠠᠭ᠋ᠠᠯᠳᠤᠭᠤᠯᠤᠯ5᠄ 5. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠠᠭᠰᠢ ᠰᠦᠯᠵᠢᠶᠡᠨ ᠳᠤ ᠨᠡᠷ᠎ᠡ ᠮᠡᠳᠡᠭᠦᠯᠬᠦ ᠵᠦᠭᠯᠡᠭᠦᠷ .docx
ᠳᠠᠭ᠋ᠠᠯᠳᠤᠭᠤᠯᠤᠯ6᠄ 6. ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠤ ᠪᠦᠲᠦᠭᠡᠯ᠎ᠤᠨ ᠵᠦᠭᠯᠡᠭᠦᠷ .docx