ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠪᠠᠶ᠋ᠢᠳᠠᠯ᠎ᠢ ᠵᠢᠷᠤᠭᠯᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠥᠭᠵᠢᠯᠲᠡ ᠵᠢ ᠠᠬᠢᠭᠤᠯᠰᠤᠭ᠋ᠠᠢ — ᠮᠠᠨ᠎ᠤ ᠣᠷᠣᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢᠨ ᠠᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠢᠳᠡᠪᠬᠢᠲᠡᠢ ᠠᠬᠢᠭᠤᠯᠪᠠ
ᠨᠡᠶ᠋ᠢᠲᠡᠯᠡᠭᠰᠡᠨ ᠴᠠᠭ᠄ 2024-03-20

      ᠪᠡᠭᠡᠵᠢᠩ ᠥᠪᠥᠷ ᠮᠣᠩᠭᠣᠯ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ᠎ᠪᠠᠷ ᠨᠢᠭᠡᠳᠦᠯᠲᠡᠢ ᠲᠥᠯᠥᠪᠯᠡᠬᠦ᠂ ᠥᠨᠳᠥᠷ ᠵᠣᠭᠰᠣᠴᠠ᠎ᠠᠴᠠ ᠵᠣᠬᠢᠴᠠᠭᠤᠯᠬᠤ᠂ ᠥᠨᠳᠥᠷ ᠲᠦᠪᠰᠢᠨ ᠵᠶ᠋ᠠᠷ ᠬᠡᠷᠡᠭᠵᠢᠭᠦᠯᠬᠦ ᠵᠢ ᠪᠠᠷᠢᠮᠲᠠᠯᠠᠨ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ᠎ᠬᠢᠨ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠬᠤ᠂ ᠬᠣᠣᠰ ᠴᠢᠭᠯᠡᠯ ᠵᠶ᠋ᠠᠷ ᠡᠨᠧᠷᠭᠢ ᠣᠯᠭᠣᠬᠤ ᠵᠢ ᠪᠠᠷᠢᠮᠲᠠᠯᠠᠵᠤ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠠᠵᠢᠯ ᠲᠥᠷᠥᠯ ᠵᠶ᠋ᠠᠷ ᠬᠠᠪᠰᠤᠷᠤᠨ ᠲᠡᠳᠬᠦᠬᠦ ᠰᠢᠨ᠎ᠡ ᠪᠠᠶ᠋ᠢᠳᠠᠯ᠎ᠢ ᠪᠦᠬᠦ ᠲᠠᠯ᠎ᠠ᠎ᠪᠠᠷ ᠨᠡᠭᠡᠭᠡᠵᠦ᠂ ᠪᠡᠭᠡᠵᠢᠩ ᠬᠣᠲᠠ ᠵᠢᠨ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠥᠪᠥᠷ ᠮᠣᠩᠭᠣᠯ᠎ᠤᠨ ᠡᠬᠡ ᠭᠠᠵᠠᠷ᠎ᠲᠤ ᠦᠨᠳᠦᠰᠦᠯᠡᠭᠦᠯᠵᠦ᠂ ᠥᠷᠭᠡᠳᠭᠡᠵᠦ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠬᠦᠴᠦᠲᠡᠢ ᠠᠬᠢᠭᠤᠯᠪᠠ᠃
      2024 ᠣᠨ᠎ᠤ 2 ᠰᠠᠷ᠎ᠠ ᠵᠢᠨ 27 - 28᠎ᠤ ᠡᠳᠦᠷ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢᠨ ᠠᠵᠢᠯ᠎ᠤᠨ ᠶᠠᠷᠢᠯᠴᠠᠬᠤ ᠬᠤᠷᠠᠯ᠎ᠢ ᠪᠡᠭᠡᠵᠢᠩ᠎ᠳᠤ ᠬᠤᠷᠠᠯᠳᠤᠭᠤᠯᠪᠠ᠃ ᠪᠡᠭᠡᠵᠢᠩ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠸᠧᠢ ᠰᠢᠶᠣᠤ ᠳ᠋ᠦᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠠᠩ ᠵᠢᠶᠧ ᠶᠠᠷᠢᠯᠴᠠᠬᠤ ᠬᠤᠷᠠᠯ᠎ᠳᠤ ᠣᠷᠣᠯᠴᠠᠪᠠ᠃


1.jpg


      ᠬᠤᠷᠠᠯ᠎ᠠᠴᠠ᠂ ᠪᠡᠭᠡᠵᠢᠩ ᠥᠪᠥᠷ ᠮᠣᠩᠭᠣᠯ ᠥᠪᠥᠷ ᠮᠣᠩᠭᠣᠯ᠎ᠤᠨ ᠭᠣᠣᠯᠯᠠᠭᠴᠢ ᠪᠠᠭᠰᠢ ᠵᠢᠨ ᠡᠩᠨᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠥᠪᠥᠷ ᠮᠣᠩᠭᠣᠯ᠎ᠤᠨ ᠠᠵᠢᠯ ᠮᠡᠷᠭᠡᠵᠢᠯ ᠎ᠤᠨ ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠦᠨ ᠬᠥᠭᠵᠢᠭᠦᠯᠬᠦ᠂ 《ᠪᠦᠯᠬᠦᠮ ᠪᠠᠶ᠋ᠢᠭᠤᠯᠬᠤ ᠮᠠᠶᠢᠭ》᠎ᠤᠨ ᠰᠤᠷᠭ᠋ᠠᠨ ᠬᠥᠮᠦᠵᠢᠯ ᠵᠶ᠋ᠠᠷ ᠬᠠᠪᠰᠤᠷᠤᠨ ᠲᠡᠳᠬᠦᠬᠦ᠂ ᠥᠪᠥᠷ ᠮᠣᠩᠭᠣᠯ᠎ᠤᠨ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢᠨ ᠳᠠᠷᠤᠭ᠎ᠠ ᠵᠢᠨ ᠠᠵᠢᠯᠯᠠᠬᠤ ᠭᠠᠵᠠᠷ᠎ᠢ ᠪᠦᠲᠦᠭᠡᠨ ᠪᠠᠢ᠌ᠭᠤᠯᠬᠤ ᠵᠡᠷᠭᠡ 9 ᠲᠠᠯ᠎ᠠ ᠵᠢᠨ ᠲᠣᠭᠣᠷᠢᠨ᠎ᠳᠤ ᠨᠢᠭᠲᠠ ᠬᠠᠮᠵᠢᠯᠴᠠᠭ᠎ᠠ ᠥᠷᠨᠢᠭᠦᠯᠵᠦ᠂           《ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠱᠠᠲᠤᠴᠢ ᠴᠢᠨᠠᠷᠲᠠᠢ ᠦᠷ᠎ᠡ ᠪᠥᠲᠦᠮᠵᠢ           ᠣᠯᠪᠠ᠃ ᠣᠳᠣᠬᠠᠨ᠎ᠳᠤ᠂ ᠪᠡᠭᠡᠵᠢᠩ ᠥᠪᠥᠷ ᠮᠣᠩᠭᠣᠯ ᠨᠢᠭᠡᠨᠲᠡ 486 ᠬᠣᠣᠰ ᠳᠤᠮᠳᠠᠳᠤ ᠪᠠᠭ᠎ᠠ ᠰᠤᠷᠭ᠋ᠠᠭᠤᠯᠢ᠎ᠳᠤ 《ᠭᠠᠷ ᠬᠣᠯᠪᠣᠯᠴᠠᠬᠤ》 ᠬᠣᠷᠰᠢᠶᠠᠯᠠᠬᠤ ᠬᠠᠷᠢᠴᠠᠭ᠎ᠠ ᠪᠠᠶ᠋ᠢᠭᠤᠯᠵᠤ᠂ ᠪᠡᠭᠡᠵᠢᠩ᠎ᠤᠨ 20 ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠥᠪᠥᠷ ᠮᠣᠩᠭᠣᠯ᠎ᠤᠨ 31 ᠠᠵᠢᠯ ᠮᠡᠷᠭᠡᠵᠢᠯ᠎ᠤᠨ ᠰᠤᠷᠭ᠋ᠠᠭᠤᠯᠢ᠎ᠯᠤᠭ᠎ᠠ ᠬᠣᠷᠰᠢᠶᠠᠯᠠᠬᠤ ᠬᠠᠷᠢᠴᠠᠭ᠎ᠠ ᠪᠠᠢ᠌ᠭᠤᠯᠤᠨ᠂ ᠪᠡᠭᠡᠵᠢᠩ ᠎ᠤᠨ 10 ᠶᠡᠬᠡ ᠳᠡᠭᠡᠳᠦ ᠰᠤᠷᠭ᠋ᠠᠭᠤᠯᠢ ᠥᠪᠥᠷ ᠮᠣᠩᠭᠣᠯ᠎ᠤᠨ 6 ᠶᠡᠬᠡ ᠳᠡᠭᠡᠳᠦ ᠰᠤᠷᠭ᠋ᠠᠭᠤᠯᠢ᠎ᠯᠤᠭ᠎ᠠ ᠬᠣᠷᠰᠢᠶᠠᠯᠠᠨ ᠰᠣᠯᠢᠯᠴᠠᠭ᠎ᠠ ᠬᠠᠮᠵᠢᠯᠴᠠᠭ᠎ᠠ ᠥᠷᠨᠢᠭᠦᠯᠪᠡ᠃ ᠪᠡᠭᠡᠵᠢᠩ ᠬᠣᠲᠠ  ᠵᠢᠨ ᠬᠠᠶ᠋ᠢᠳᠢᠶᠠᠨ ᠲᠣᠭᠣᠷᠢᠭ ᠪᠣᠯᠤᠨ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠡᠷᠭᠡ ᠭᠤᠷᠪᠠᠨ ᠭᠠᠵᠠᠷ ᠵᠡᠭᠦᠨ ᠪᠠᠷᠠᠭᠤᠨ ᠬᠡᠰᠡᠭ᠎ᠤᠨ ᠬᠠᠮᠵᠢᠯᠴᠠᠬᠤ ᠬᠠᠷᠢᠴᠠᠭ᠎ᠠ ᠵᠢ ᠪᠠᠶ᠋ᠢᠭᠤᠯᠵᠤ᠂ ᠵᠢᠩᠬᠢᠨᠢ ᠡᠷᠳᠡᠮ ᠴᠢᠳᠠᠪᠤᠷᠢ᠎ᠪᠠᠨ ᠭᠠᠷᠭ᠋ᠠᠵᠤ᠂ ᠰᠢᠯᠢᠳᠡᠭ ᠴᠢᠳᠠᠪᠤᠷᠢᠲᠠᠨ᠎ᠢ ᠲᠣᠮᠢᠯᠠᠵᠤ᠂ ᠠᠵᠢᠯ ᠲᠥᠷᠥᠯ᠎ᠤᠨ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠨ᠂ ᠬᠣᠰᠢᠭᠤ ᠰᠢᠶᠠᠨ᠎ᠤ ᠬᠥᠭᠵᠢᠯᠲᠡ᠎ᠳᠤ ᠬᠦᠴᠦᠨ ᠨᠡᠮᠡᠷᠢᠯᠡᠵᠦ᠂ ᠬᠣᠶᠠᠷ ᠭᠠᠵᠠᠷ᠎ᠤᠨ ᠠᠷᠠᠳ ᠲᠦᠮᠡᠨ᠎ᠳᠤ ᠦᠨᠡᠨ ᠪᠣᠳᠠᠲᠠᠢ ᠠᠰᠢᠭ ᠬᠦᠷᠲᠡᠭᠡᠪᠡ᠃ ᠳᠠᠷᠠᠭ᠎ᠠ ᠠᠯᠬᠤᠮ᠎ᠳᠤ᠂ ᠬᠣᠶᠠᠷ ᠭᠠᠵᠠᠷ᠎ᠤᠨ᠎ᠬᠢᠨ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ 《ᠥᠪᠥᠷ ᠮᠣᠩᠭᠣᠯ᠎ᠤᠨ ᠭᠣᠣᠯᠯᠠᠭᠴᠢ ᠪᠠᠭᠰᠢ ᠵᠢᠨ ᠡᠩᠨᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ》 ᠢᠨᠵᠧᠨᠧᠷᠢᠩ ᠎ᠢ ᠦᠷᠭᠦᠯᠵᠢᠯᠡᠨ ᠰᠠᠶ᠋ᠢᠲᠤᠷ ᠬᠡᠷᠡᠭᠵᠢᠭᠦᠯᠵᠦ᠂ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠣᠶᠤᠨᠴᠢ ᠲᠠᠪᠴᠠᠩ》᠎ᠤᠨ ᠬᠡᠷᠡᠭᠯᠡᠯᠲᠡ ᠵᠢ ᠯᠠᠪᠳᠠᠭᠤᠨ ᠪᠠᠲᠤᠲᠠᠢ ᠠᠬᠢᠭᠤᠯᠤᠨ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠰᠠᠨᠠᠯ》᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠪᠡᠭᠡᠵᠢᠩ ᠲᠢᠶᠠᠨᠵᠢᠨ ᠾᠧᠪᠧᠶ ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠬᠣᠯᠪᠣᠭ᠎ᠠ ᠵᠢ ᠵᠣᠬᠢᠶᠠᠨ ᠪᠠᠶ᠋ᠢᠭᠤᠯᠵᠤ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠨᠡᠷᠡᠲᠦ ᠲᠡᠮᠳᠡᠭᠲᠦ ᠵᠢ ᠦᠷᠭᠦᠯᠵᠢᠯᠡᠨ ᠰᠠᠶ᠋ᠢᠲᠤᠷ ᠪᠠᠢ᠌ᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   

2.jpg


      3 ᠳ᠋ᠤᠭ᠋ᠠᠷ ᠰᠠᠷ᠎ᠠ ᠵᠢᠨ 14 - 15᠎ᠤ ᠡᠳᠦᠷ᠂ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠳᠠᠰᠤᠭ ᠵᠢᠴᠢ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠳᠠᠬᠢᠨᠲᠠ ᠪᠡᠭᠡᠵᠢᠩ᠎ᠳᠤ ᠬᠦᠷᠴᠦ᠂ ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠎ᠲᠠᠢ ᠬᠠᠮᠲᠤ᠎ᠳᠤ᠎ᠪᠠᠨ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢ ᠵᠣᠯᠭ᠋ᠠᠭᠤᠯᠬᠤ ᠶᠠᠷᠢᠯᠴᠠᠬᠤ           ᠬᠤᠷᠠᠯ》᠎ᠢ ᠬᠤᠷᠠᠯᠳᠤᠭᠤᠯᠵᠤ᠂ ᠪᠡᠭᠡᠵᠢᠩ ᠥᠪᠥᠷ ᠮᠣᠩᠭᠣᠯ᠎ᠤᠨ  ᠬᠠᠮᠵᠢᠯᠴᠠᠭ᠋ᠠᠨ᠎ᠤ 《ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠦᠭᠰᠡᠨ ᠪᠠᠶ᠋ᠢᠳᠠᠯ᠂ 2024 ᠣᠨ᠎ᠤ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠲᠥᠷᠥᠯ ᠵᠦᠢ᠍ᠯ᠎ᠤᠨ ᠬᠡᠷᠡᠭᠴᠡᠭᠡ ᠱᠠᠭ᠋ᠠᠷᠳᠠᠯᠭ᠎ᠠ ᠵᠡᠷᠭᠡ ᠵᠢᠨ ᠲᠣᠭᠣᠷᠢᠨ᠎ᠳᠤ ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠎ᠲᠠᠢ ᠭᠦᠨᠵᠡᠭᠡᠢ ᠵᠣᠯᠭ᠋ᠠᠭᠤᠯᠤᠨ ᠶᠠᠷᠢᠯᠴᠠᠵᠤ᠂ ᠪᠡᠭᠡᠵᠢᠩ᠎ᠤᠨ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ ᠵᠡᠷᠭᠡ ᠭᠠᠵᠠᠷ᠎ᠲᠤ ᠬᠦᠷᠴᠦ᠂ ᠪᠠᠭᠰᠢ ᠠᠵᠢᠯ᠎ᠤᠨ ᠪᠠᠶ᠋ᠢᠷᠢ᠎ᠲᠠᠭᠠᠨ ᠪᠣᠯᠪᠠᠰᠤᠷᠠᠯ ᠬᠢᠭᠰᠡᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ᠂ ᠠᠬᠤᠢ ᠲᠠᠯᠠᠪᠠᠢ᠎ᠳᠤ ᠪᠡᠭᠡᠵᠢᠩ ᠬᠣᠲᠠ ᠵᠢᠨ ᠠᠷᠪᠠ ᠶᠢᠰᠦᠳᠦᠭᠡᠷ ᠳᠤᠮᠳᠠᠳᠤ ᠰᠤᠷᠭ᠋ᠠᠭᠤᠯᠢ ᠪᠣᠯᠤᠨ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠰᠢᠨ ᠾᠦᠢ ᠳᠣᠯᠣᠳᠤᠭ᠋ᠠᠷ ᠳᠤᠮᠳᠠᠳᠤ ᠰᠤᠷᠭ᠋ᠠᠭᠤᠯᠢ ᠵᠢᠨ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠣᠶᠤᠨᠴᠢ ᠲᠠᠪᠴᠠᠩ᠎ᠳᠤ ᠲᠦᠰᠢᠭᠯᠡᠨ ᠥᠷᠨᠢᠭᠦᠯᠦᠭᠰᠡᠨ 《ᠢᠵᠢᠯ ᠠᠯᠬᠤᠮᠲᠤ ᠬᠢᠴᠢᠶᠡᠯ᠎ᠤᠨ ᠲᠠᠩᠬᠢᠮ ᠪᠠ ᠢᠵᠢᠯ ᠠᠯᠬᠤᠮᠲᠤ ᠵᠢᠭ᠋ᠠᠬᠤ ᠵᠢ ᠰᠤᠳᠤᠯᠬᠤ》 ᠭᠣᠣᠯ ᠰᠡᠳᠦᠪᠲᠦ ᠠᠵᠢᠯᠯᠠᠭ᠎ᠠ ᠵᠡᠷᠭᠡ ᠵᠢ ᠲᠣᠭᠣᠷᠢᠨ ᠦᠵᠡᠵᠦ᠂ 2024 ᠣᠨ᠎ᠤ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠤᠬᠠᠢ ᠬᠠᠮᠲᠤ ᠵᠢᠨ ᠲᠠᠨᠢᠯᠲᠠ᠎ᠲᠠᠢ ᠪᠣᠯᠪᠠ᠃

   

3.jpg


      ᠬᠣᠶ᠋ᠢᠰᠢᠳᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠦᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠋ᠠᠨ᠎ᠤ ᠠᠵᠢᠯ᠎ᠢ ᠭᠦᠨᠵᠡᠭᠡᠶ᠋ᠢᠷᠡᠭᠦᠯᠬᠦ ᠲᠤᠬᠠᠢ ᠬᠡᠯᠡᠯᠴᠡᠭᠡᠷ》᠎ᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠰᠢᠰᠲ᠋ᠧᠮ᠎ᠲᠠᠢ ᠲᠥᠯᠥᠪᠵᠢᠭᠦᠯᠦᠨ ᠠᠬᠢᠭᠤᠯᠵᠤ᠂ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠯᠠᠨ ᠳᠡᠰ ᠳᠠᠪᠬᠤᠷᠭ᠋ᠠᠲᠤ᠂ ᠣᠯᠠᠨ ᠡᠰᠢᠵᠢᠭᠦᠯᠦᠭᠰᠡᠨ ᠬᠠᠮᠵᠢᠯᠴᠠᠯᠭ᠎ᠠ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠳᠡᠮᠵᠢᠬᠦ ᠦᠢ᠍ᠯᠡᠴᠢᠯᠡᠭᠡ ᠵᠢ ᠪᠠᠲᠤᠯᠠᠬᠤ ᠠᠵᠢᠯ᠎ᠢ ᠪᠦᠬᠦ ᠬᠦᠴᠦᠨ ᠵᠶ᠋ᠠᠷ ᠰᠠᠶ᠋ᠢᠲᠤᠷ ᠬᠢᠵᠦ᠂ ᠪᠡᠭᠡᠵᠢᠩ ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ᠂ ᠴᠢᠨᠠᠷᠯᠢᠭ ᠬᠢᠴᠢᠶᠡᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠡᠳ᠋ᠯᠡᠬᠦ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ ᠵᠢᠨ ᠬᠠᠮᠵᠢᠯᠴᠠᠭ᠎ᠠ ᠵᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠴᠢᠳᠠᠪᠤᠷᠢᠲᠠᠨ᠎ᠢ ᠬᠥᠮᠦᠵᠢᠭᠦᠯᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠯᠦᠭᠡ ᠵᠢᠨ ᠲᠣᠬᠢᠷᠠᠯᠴᠠᠭ᠎ᠠ ᠵᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠠᠵᠤ ᠠᠬᠤᠢ ᠵᠢᠨ ᠴᠢᠨᠠᠷᠯᠢᠭ ᠬᠥᠭᠵᠢᠯᠲᠡ᠎ᠳᠤ  ᠬᠦᠴᠦᠲᠡᠢ ᠴᠢᠳᠠᠪᠤᠷᠢᠲᠠᠨ ᠪᠠ ᠣᠶᠤᠨ᠎ᠤ ᠲᠤᠯᠭ᠋ᠠᠭᠤᠷᠢᠯᠠᠯ ᠬᠠᠩᠭ᠋ᠠᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号