10 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠢᠶ᠎ᠠ 2025 ᠣᠨ᠎ᠤ ᠳᠣᠤᠷ᠎ᠠ ᠬᠠᠭ᠋ᠠᠰ ᠵᠢᠯ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠠᠩᠬᠠᠳᠤᠭ᠋ᠠᠷ ᠤᠳᠠᠭ᠋ᠠᠨ᠎ᠤ ᠶᠡᠭᠡ ᠬᠢᠴᠢᠶᠡᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠳᠤ ᠣᠷᠣᠯᠴᠠᠵᠠᠶ᠃

ᠬᠢᠴᠢᠶᠡᠯ ᠳᠡᠭᠡᠷ᠎ᠡ᠂ ᠣᠷᠣᠯᠴᠠᠭᠰᠠᠳ ᠰᠤᠷᠭ᠋ᠠᠨ ᠬᠥᠮᠦᠵᠢᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠤᠸᠠᠢ ᠵᠢᠨ ᠫᠧᠩ᠎ᠤᠨ ᠭᠤᠤᠯᠯᠠᠨ ᠶᠠᠷᠢᠭᠰᠠᠨ 《ᠶᠡᠷᠦᠩᠬᠡᠶ ᠱᠦᠵᠢ ᠰᠢ᠎ᠵᠢᠨ᠎ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠂ ᠰᠤᠷᠭ᠋ᠠᠨ ᠬᠥᠮᠦᠵᠢᠯ ᠤᠯᠤᠰ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠬᠥᠲᠥᠯᠦᠨ ᠳᠠᠭ᠋ᠠᠭᠤᠯᠬᠤ》 ᠭᠡᠬᠦ ᠸᠢᠳᠢᠣ᠋ ᠬᠢᠴᠢᠶᠡᠯ᠎ᠢ ᠨᠠᠷᠢᠨ ᠬᠢᠨᠠᠮᠠᠭ᠋ᠠᠶ ᠰᠤᠷᠤᠯᠴᠠᠪᠠ᠃ ᠡᠨᠡ ᠬᠢᠴᠢᠶᠡᠯ ᠵᠶ᠋ᠠᠷ ᠳᠠᠮᠵᠢᠭᠤᠯᠤᠨ᠂ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠰᠣᠷᠣᠭᠴᠢ ᠨᠠᠮ᠎ᠤᠨ ᠭᠡᠰᠢᠭᠦᠨ ᠰᠤᠷᠭ᠋ᠠᠨ ᠬᠥᠮᠦᠵᠢᠯ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠨ ᠳᠠᠭ᠋ᠠᠭᠤᠯᠬᠤ ᠪᠠᠶ᠋ᠢᠯᠳᠤᠬᠤ ᠪᠣᠳᠣᠯᠭ᠎ᠠ ᠵᠢᠨ ᠠᠬᠤᠶ ᠪᠠᠶ᠋ᠢᠳᠠᠯ ᠪᠠ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠶ ᠲᠠᠨᠢᠵᠤ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ 《ᠭᠤᠷᠪᠠ ᠵᠢ ᠨᠢᠭᠡ ᠴᠤᠬ᠍ᠴᠠᠵᠢᠭᠤᠯᠬᠤ》 ᠵᠢ ᠠᠬᠢᠭᠤᠯᠬᠤ ᠲᠤᠬᠠᠶ ᠭᠤᠣᠯ ᠴᠢᠬᠤᠯᠠ ᠠᠭᠤᠯᠭ᠎ᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠵᠤ᠂ ᠰᠤᠷᠭ᠋ᠠᠨ ᠬᠥᠮᠦᠵᠢᠯ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ ᠵᠢᠨ ᠴᠣ᠋ ᠰᠢᠨ᠎ᠡ ᠤᠯᠠᠮ ᠨᠢᠭᠡ ᠠᠯᠬᠤᠮ ᠣᠨᠣᠪᠴᠢᠲᠠᠶ ᠂ ᠰᠤᠷᠭ᠋ᠠᠨ ᠬᠥᠮᠦᠵᠢᠯ᠎ᠤᠨ ᠴᠠᠭ ᠦᠶ᠎ᠡ ᠵᠢᠨ ᠣᠷᠣᠨ ᠪᠠᠶ᠋ᠢᠷᠢ᠂ ᠲᠡᠦᠬᠡ ᠵᠢᠨ ᠬᠠᠷᠢᠭᠤᠴᠠᠯᠭ᠎ᠠ ᠪᠠ ᠴᠢᠬᠤᠯᠠ ᠶᠡᠭᠡ ᠡᠭᠦᠷᠭᠡ ᠵᠢ ᠣᠶ᠋ᠢᠯᠠᠭ᠋ᠠᠪᠠ᠃ ᠤᠯᠠᠨ ᠵᠶ᠋ᠠᠷ ᠵᠶ᠋ᠠᠨ᠂ ᠨᠡᠩ ᠡᠷᠡᠰ ᠪᠠᠲᠤ ᠢᠲᠡᠭᠡᠯ ᠵᠣᠷᠢᠭ ᠪᠣᠯᠤᠨ ᠯᠠᠪᠳᠠᠭᠤᠨ ᠪᠠᠲᠤᠲᠠᠢ ᠠᠵᠢᠯᠯᠠᠭ᠎ᠠ᠎ᠪᠠᠷ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠦᠢ᠍ᠯᠡᠳᠦᠯᠭᠡ᠎ᠳᠤ ᠣᠷᠣᠯᠴᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠤᠷᠤᠭᠰᠢᠯᠠᠬᠤ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠂ ᠤ ᠰᠢᠨ᠎ᠡ ᠵᠢ ᠡᠭᠦᠳᠬᠦ᠂ ᠨᠡᠶ᠋ᠢᠭᠡᠮ᠎ᠤᠨ ᠦᠢ᠍ᠯᠡᠴᠢᠯᠡᠭᠡ ᠵᠡᠷᠭᠡ ᠠᠵᠢᠯ ᠰᠠᠨᠠᠭ᠋ᠠᠴᠢᠯᠠᠭ᠎ᠠ᠎ᠠᠴᠠ᠎ᠪᠠᠨ ᠂ ᠬᠦᠨᠳᠦ ᠡᠭᠦᠷᠭᠡ ᠵᠢ ᠵᠣᠷᠢᠭᠲᠠᠢ ᠂ ᠪᠣᠳᠠᠲᠤ ᠠᠵᠢᠯᠯᠠᠭ᠎ᠠ᠎ᠪᠠᠷ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠃
ᠤᠳᠠᠭ᠋ᠠᠨ᠎ᠤ ᠶᠡᠭᠡ ᠬᠢᠴᠢᠶᠡᠯ 《ᠪᠠᠭᠰᠢ ᠰᠣᠷᠣᠭᠴᠢ ᠨᠠᠮ᠎ᠤᠨ ᠭᠡᠰᠢᠭᠦᠨ ᠨᠢᠭᠡ ᠲᠠᠩᠬᠢᠮ᠎ᠳᠤ 》ᠬᠡᠯᠪᠡᠷᠢ᠎ᠪᠠᠷ ᠨᠠᠮ᠎ᠤᠨ ᠭᠡᠰᠢᠭᠦᠨ᠎ᠤ ᠬᠥᠮᠦᠵᠢᠯ ᠢ ᠭᠦᠨᠵᠡᠭᠡᠶ᠋ᠢᠷᠡᠭᠦᠯᠵᠦ᠂ ᠨᠠᠮ᠎ᠤᠨ ᠭᠡᠰᠢᠭᠦᠨ᠎ᠤ ᠦᠨᠳᠦᠰᠦᠨ ᠤᠨ ᠨᠡᠶ᠋ᠢᠲᠡᠯᠢᠭ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠂ ᠪᠥᠬᠦ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ ᠪᠠ ᠨᠠᠮ᠎ᠤᠨ ᠭᠡᠰᠢᠭᠦᠨ᠎ᠤ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ᠎ᠳᠤ ᠲᠤᠷᠰᠢᠯᠭ᠎ᠠ ᠪᠠ ᠦᠢ᠍ᠯᠡᠳᠦᠯᠭᠡ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃
ᠬᠥᠬᠡᠬᠤᠲᠠ᠎ᠳᠤ ᠰᠠᠭᠤᠭ᠎ᠠ 12 ᠰᠤᠷᠭ᠋ᠠᠭᠤᠯᠢ ᠵᠢᠨ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ᠂ ᠬᠥᠬᠡᠬᠤᠲᠠ᠎ᠳᠤ ᠰᠠᠭᠤᠭ᠎ᠠ 7 ᠶᠡᠭᠡ ᠳᠡᠭᠡᠳᠦ ᠰᠤᠷᠭ᠋ᠠᠭᠤᠯᠢ ᠵᠢᠨ ᠨᠠᠮ᠎ᠤᠨ ᠬᠤᠷᠢᠶ᠎ᠠ (ᠶᠡᠷᠦᠩᠬᠡᠶ ᠡᠭᠦᠷ) ᠵᠢᠨ ᠱᠦᠵᠢ ᠵᠢᠴᠢ ᠪᠥᠬᠦ ᠤᠯᠤᠰ᠂ ᠪᠥᠬᠦ ᠣᠷᠣᠨ᠎ᠤ ᠰᠢᠨ᠎ᠡ ᠴᠠᠭ ᠦᠶ᠎ᠡ ᠵᠢᠨ ᠶᠡᠭᠡ ᠳᠡᠭᠡᠳᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠦᠵᠡᠭᠦᠯᠦᠨ ᠡᠭᠦᠳᠦᠨ ᠪᠠ ᠴᠢᠨᠠᠷ ᠰᠢᠯᠢᠳᠡᠭ᠎ᠢ ᠡᠭᠦᠳᠦᠭᠰᠡᠨ ᠰᠣᠩᠭᠤᠭᠳᠠᠭᠰᠠᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠲᠥᠯᠥᠭᠡᠯᠡᠭᠴᠢ ᠭᠤᠤᠯ ᠬᠤᠷᠠᠯ᠎ᠤᠨ ᠲᠠᠯᠠᠪᠠᠶ᠎ᠳᠤ ᠪᠣᠯᠪᠠᠰᠤᠷᠠᠯ᠎ᠳᠤ ᠣᠷᠣᠯᠴᠠᠪᠠ᠃ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠶᠡᠭᠡ ᠳᠡᠭᠡᠳᠦ ᠰᠤᠷᠭ᠋ᠠᠭᠤᠯᠢ ᠵᠢᠨ ᠪᠥᠬᠦ ᠪᠠᠭᠰᠢ ᠰᠣᠷᠣᠭᠴᠢ ᠨᠠᠮ᠎ᠤᠨ ᠭᠡᠰᠢᠭᠦᠨ᠂ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠭᠡᠰᠢᠭᠦᠨ 2.5 ᠲᠦᠮᠡ ᠭᠠᠷᠤᠶ ᠬᠥᠮᠦᠨ 179 ᠬᠤᠪᠢᠶᠠᠷᠢ ᠬᠤᠷᠠᠯ᠎ᠤᠨ ᠲᠠᠯᠠᠪᠠᠶ᠎ᠳᠤ ᠪᠣᠯᠪᠠᠰᠤᠷᠠᠯ᠎ᠳᠤ ᠣᠷᠣᠯᠴᠠᠪᠠ᠃