10 ᠳ᠋ᠤᠭ᠋ᠠᠷ ᠰᠠᠷ᠎ᠠ ᠵᠢᠨ 27᠎ᠤ ᠣᠷᠣᠶ᠂ 2025 ᠣᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ ᠵᠢᠴᠢ ᠵᠡᠭᠦᠨ ᠬᠤᠶ᠋ᠢᠲᠤ ᠵᠢᠨ ᠭᠤᠷᠪᠠᠨ ᠮᠤᠵᠢ ᠨᠢᠭᠡ ᠣᠷᠣᠨ᠎ᠤ ᠳᠠᠭᠤᠯᠠᠬᠤᠶ ᠵᠢᠨ ᠲᠤᠰᠬᠠᠶ ᠮᠡᠷᠭᠡᠵᠢᠯ᠎ᠤᠨ ᠤᠶᠤᠲᠠᠳ᠎ᠤᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠤ ᠤᠷᠤᠯᠳᠤᠭ᠋ᠠᠨ᠎ᠤ ᠵᠢᠨ ᠠᠵᠢᠯᠯᠠᠭ᠎ᠠ ᠵᠢᠴᠢ ᠱᠠᠩᠨᠠᠯ ᠣᠯᠭᠤᠬᠤ ᠶᠣᠰᠣᠯᠠᠯ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ ᠱᠧᠩ ᠯᠧ ᠰᠤᠷᠭ᠋ᠠᠭᠤᠯᠢ ᠵᠢᠨ ᠲᠣᠭᠤᠷᠢᠭ᠎ᠲᠤ ᠃

ᠲᠣᠰ ᠬᠤᠭᠤᠴᠠᠭ᠋ᠠᠨ᠎ᠤ ᠤᠷᠤᠯᠳᠤᠭ᠋ᠠᠨ《ᠵᠠᠯᠠᠭᠤ ᠨᠠᠰᠤᠨ᠎ᠤ ᠤᠮᠠᠷᠠᠲᠤ ᠬᠢᠯᠢ ᠭᠤᠤᠯ ᠰᠡᠳᠦᠪ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠩᠬᠠᠷᠤᠯ ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠳᠠᠭᠤᠤ ᠬᠥᠭᠵᠢᠮ ᠵᠶ᠋ᠠᠷ ᠠᠴᠢᠶᠠᠯᠠᠪᠤᠷᠢ ᠪᠣᠯᠭ᠋ᠠᠨ ᠣᠶᠤᠨ ᠰᠠᠨᠠᠭ᠎ᠠ᠎ᠪᠠᠨ ᠰᠢᠮᠡᠵᠢᠭᠦᠯᠵᠦ᠂ ᠦᠵᠡᠯ ᠰᠡᠳᠬᠢᠯᠭᠡ᠎ᠪᠠᠨ ᠬᠥᠮᠦᠵᠢᠭᠦᠯᠦᠨ ᠪᠣᠯᠪᠠᠰᠤᠷᠠᠭᠤᠯᠵᠤ᠂ ᠤᠶᠤᠲᠠᠳ᠎ᠤᠨ ᠠᠪᠢᠶᠠᠰ ᠴᠢᠳᠠᠪᠤᠷᠢ ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠮᠢᠳᠤᠷᠠᠯ᠎ᠢ ᠂ ᠣᠷᠣᠨ ᠪᠦᠰᠡ ᠵᠢᠨ ᠶᠡᠭᠡ ᠳᠡᠭᠡᠳᠦ ᠰᠤᠷᠭ᠋ᠠᠭᠤᠯᠢ ᠵᠢᠨ ᠤᠷᠠᠯᠢᠭ᠎ᠤᠨ ᠰᠣᠯᠢᠯᠴᠠᠭ᠎ᠠ ᠵᠢ ᠠᠬᠢᠭᠤᠯᠪᠠ᠃ ᠵᠡᠭᠦᠨ ᠬᠤᠶ᠋ᠢᠲᠤ ᠵᠢᠨ ᠭᠤᠷᠪᠠᠨ ᠮᠤᠵᠢ ᠨᠢᠭᠡ ᠣᠷᠣᠨ᠎ᠤ ᠬᠠᠮᠵᠢᠯᠴᠠᠨ ᠤᠷᠢᠶᠠᠯᠠᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠎ᠲᠠᠢ ᠬᠠᠮᠲᠤᠷᠠᠨ ᠤᠳᠠᠭ᠋ᠠᠨ᠎ᠤ ᠤᠷᠤᠯᠳᠤᠭ᠋ᠠᠨ᠎ᠢ ᠠᠩᠬ᠎ᠠ ᠤᠳᠠᠭ᠎ᠠ ᠭᠤᠤᠯᠯᠠᠨ ᠡᠷᠭᠢᠯᠡᠪᠡ᠃ ᠤᠷᠤᠯᠳᠤᠭ᠋ᠠᠨ᠎ᠤ ᠬᠤᠭᠤᠴᠠᠭ᠋ᠠᠨ᠎ᠳᠤ᠂ ᠳᠥᠷᠪᠡᠨ ᠭᠠᠵᠠᠷ᠎ᠤᠨ ᠰᠤᠷᠤᠭᠴᠢᠳ ᠬᠠᠮᠲᠤ ᠦᠷᠢᠰᠦᠯᠳᠦᠵᠦ᠂ ᠤᠷ᠎ᠠ ᠮᠡᠷᠭᠡᠵᠢᠯ ᠵᠶ᠋ᠠᠨ ᠂ ᠪᠠᠷ ᠵᠶ᠋ᠠᠨ ᠂ ᠤᠷᠠᠯᠢᠭ ᠵᠶ᠋ᠠᠷ ᠴᠠᠭ ᠦᠶ᠎ᠡ ᠵᠢ ᠲᠠᠶ᠋ᠢᠯᠪᠤᠷᠢᠯᠠᠪᠠ᠃ ᠵᠡᠭᠦᠨ ᠬᠤᠶ᠋ᠢᠲᠤ ᠣᠷᠣᠨ᠎ᠤ ᠭᠤᠷᠪᠠᠨ ᠮᠤᠵᠢ ᠨᠢᠭᠡ ᠣᠷᠣᠨ᠎ᠤ ᠤᠶᠤᠲᠠᠳ᠎ᠤᠨ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃

ᠵᠢᠨ ᠲᠠᠯᠠᠪᠠᠢ᠎ᠳᠤ ᠱᠠᠩᠨᠠᠯ ᠬᠦᠷᠲᠡᠭᠴᠢ ᠡᠭᠡᠯᠵᠢᠯᠡᠨ ᠳᠤ ᠭᠠᠷᠴᠤ ᠃ ᠰᠣᠩᠭᠤᠳᠠᠭ ᠳᠠᠭᠤᠤ ᠠᠴᠠ ᠠᠩᠬᠠᠨ᠎ᠤ ᠪᠦᠲᠦᠭᠡᠯ ᠬᠦᠷᠲᠡᠯ᠎ᠡ᠂ ᠤᠶᠠᠩᠭ᠎ᠠ ᠵᠢᠨ ᠳᠠᠭᠤᠤ᠎ᠠᠴᠠ ᠬᠦᠷᠲᠡᠯ᠎ᠡ ᠂ ᠦᠨᠳᠦᠰᠦᠲᠡᠨ᠎ᠤ ᠵᠣᠷᠢᠭ ᠰᠠᠨᠠᠭ᠎ᠠ᠂ ᠴᠠᠭ ᠦᠶ᠎ᠡ ᠵᠢᠨ ᠪᠣᠯᠤᠨ ᠰᠡᠳᠬᠢᠯᠭᠡ ᠵᠢ ᠰᠢᠯᠢᠳᠡᠭ ᠪᠦᠲᠦᠭᠡᠯ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠳᠠᠭᠤᠯᠠᠪᠠ᠃ ᠳᠠᠭᠤᠤ ᠬᠥᠭᠵᠢᠮ ᠠᠭᠤᠯᠠ ᠮᠥᠷᠡᠨ᠎ᠢ ᠂ ᠰᠤᠩᠭ᠋ᠠᠷᠢ ᠮᠥᠷᠡᠨ᠎ᠤ ᠠᠶᠠᠰ᠂ ᠴᠠᠩ ᠪᠠᠢ ᠱᠠᠨ᠎ᠤ ᠂ ᠪᠦᠸᠧᠬᠠᠢ ᠲᠠᠩᠭᠢᠰ ᠠᠶ᠋ᠢᠵᠠᠮ᠎ᠢ ᠥᠪᠥᠷ ᠮᠣᠩᠭᠤᠯ᠎ᠤᠨ ᠲᠠᠯ᠎ᠠ ᠨᠤᠲᠤᠭ᠎ᠤᠨ ᠳᠠᠭᠤᠤ᠎ᠲᠠᠢ ᠨᠢᠭᠲᠠ ᠂ ᠵᠠᠯᠠᠭᠤ ᠨᠠᠰᠤᠨ᠎ᠤ ᠢᠷᠠᠭᠤ ᠬᠠᠭᠤᠳᠠᠰᠤ ᠵᠢ ᠬᠠᠮᠲᠤ

ᠡᠨᠡ ᠵᠢᠯ᠎ᠤᠨ 3 ᠳ᠋ᠤᠭ᠋ᠠᠷ ᠰᠠᠷ᠎ᠠ᠎ᠳᠤ ᠡᠬᠢᠯᠡᠭᠦᠯᠦᠭᠰᠡᠨ᠎ᠠᠴᠠ ᠂ ᠪᠥᠬᠦ ᠣᠷᠣᠨ᠎ᠤ 55 ᠶᠡᠭᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ 6000 ᠭᠠᠷᠤᠶ ᠣᠶᠤᠲᠠᠨ ᠢᠳᠡᠪᠬᠢᠲᠡᠶ ᠨᠡᠷ᠎ᠡ ᠮᠡᠳᠡᠭᠦᠯᠵᠦ᠂ ᠰᠤᠷᠭ᠋ᠠᠭᠤᠯᠢ ᠵᠢᠨ ᠤᠷᠤᠯᠳᠤᠭ᠋ᠠᠨ᠎ᠳᠤ ᠣᠷᠣᠯᠴᠠᠭᠰᠠᠨ ᠬᠥᠮᠦᠨ᠎ᠤ ᠲᠤᠭ᠎ᠠ 10 ᠲᠦᠮᠡ ᠵᠢ ᠳᠠᠪᠠᠵᠤ᠂ ᠬᠤᠶᠠᠳᠠᠬᠢ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ᠂ ᠵᠢᠨ ᠲᠣᠭᠯᠠᠯᠲᠠ ᠵᠢᠨ ᠬᠤᠭᠤᠴᠠᠭ᠋ᠠᠨ᠎ᠳᠤ ᠰᠦᠯᠵᠢᠶᠡᠨ ᠬᠥᠮᠦᠨ 125.5 ᠲᠦᠮᠡ ᠵᠢ ᠳᠠᠪᠠᠵᠤ᠂ 《ᠰᠤᠷᠭ᠋ᠠᠭᠤᠯᠢ ᠂ ᠬᠥᠮᠦᠨ ᠪᠦᠬᠦᠨ ᠣᠷᠣᠯᠴᠠᠬᠤ》 ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠤᠳᠠᠭ᠋ᠠᠨ᠎ᠤ ᠤᠷᠤᠯᠳᠤᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠠᠵᠢᠯ᠎ᠤᠨ ᠭᠤᠤᠯ ᠰᠢᠵᠢᠮ᠎ᠤᠨ ᠲᠣᠭᠤᠷᠢᠨ᠎ᠳᠤ᠂ ᠪᠠᠶᠠᠯᠢᠭ ᠰᠠᠶ᠋ᠢᠬᠠᠨ ᠤᠳᠬ᠎ᠠ ᠤᠷᠠᠯᠢᠭ ᠰᠤᠷᠭ᠋ᠠᠭᠤᠯᠢ ᠵᠢᠨ ᠬᠦᠷᠢᠶ᠎ᠡ ᠵᠢ ᠤᠮᠳᠠᠯᠠᠵᠤ᠂ ᠣᠶᠤᠨ ᠰᠠᠨᠠᠭ᠎ᠠ ᠵᠢ ᠰᠢᠮᠡᠵᠢᠭᠦᠯᠵᠦ᠂ ᠶᠣᠰᠣ ᠮᠣᠷᠠᠯ᠎ᠢ ᠂ ᠤᠶᠤᠲᠠᠳ᠎ᠤᠨ ᠰᠣᠶᠣᠯ ᠤᠷᠠᠯᠢᠭ᠎ᠤᠨ ᠬᠡᠪ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢ ᠃