11 ᠰᠠᠷ᠎ᠠ ᠵᠢᠨ 3᠎ᠤ ᠡᠳᠦᠷ᠂ 2025 ᠣᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠰᠠᠭᠰᠤᠨ ᠪᠥᠮᠪᠦᠭᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 28 ᠰᠠᠭᠰᠤᠨ ᠪᠥᠮᠪᠦᠭᠡ ᠵᠢᠨ ᠭᠤᠷᠪᠠᠳᠤᠭ᠋ᠠᠷ ᠳᠡᠰ᠎ᠤᠨ ᠬᠤᠯᠪᠣᠭ᠋ᠠᠲᠤ ᠤᠷᠤᠯᠳᠤᠭ᠋ᠠᠨ (ᠥᠪᠥᠷ ᠮᠣᠩᠭᠤᠯ᠎ᠤᠨ ᠤᠷᠤᠯᠳᠤᠭ᠋ᠠᠨ᠎ᠤ ᠲᠣᠭᠤᠷᠢᠭ) ᠰᠢᠯᠢ ᠵᠢᠨ ᠭᠤᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠥᠬᠡᠬᠤᠲᠠ ᠠᠵᠢᠯ ᠮᠡᠷᠭᠡᠵᠢᠯ᠎ᠤᠨ ᠶᠡᠭᠡ ᠰᠤᠷᠭ᠋ᠠᠭᠤᠯᠢ ᠲᠣᠰ ᠲᠣᠰ ᠡᠷᠡᠭᠲᠡᠶ ᠵᠢᠨ ᠳᠤᠭᠤᠶ᠋ᠢᠯᠠᠩ᠂ ᠰᠤᠷᠭ᠋ᠠᠭᠤᠯᠢ ᠵᠢᠨ ᠬᠦᠷᠢᠶᠡᠨ᠎ᠤ ᠡᠷᠡᠭᠲᠡᠶ ᠵᠢᠨ ᠳᠤᠭᠤᠶ᠋ᠢᠯᠠᠩ᠂ ᠰᠤᠷᠭ᠋ᠠᠭᠤᠯᠢ ᠵᠢᠨ ᠬᠦᠷᠢᠶᠡᠨ᠎ᠤ ᠡᠮᠡᠭᠲᠡᠶ ᠵᠢᠨ ᠳᠤᠭᠤᠶ᠋ᠢᠯᠠᠩ᠎ᠤᠨ ᠲᠣᠳᠤᠷᠠᠪᠠ᠃ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ᠎ᠤᠨ ᠮᠠᠩᠯᠠᠢ ᠨᠢ 28 ᠳ᠋ᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠶᠤᠲᠠᠨ᠎ᠤ ᠰᠠᠭᠰᠤᠨ ᠪᠥᠮᠪᠦᠭᠡ ᠵᠢᠨ ᠭᠤᠷᠪᠠᠳᠤᠭ᠋ᠠᠷ ᠳᠡᠰ᠎ᠤᠨ ᠬᠤᠯᠪᠣᠭ᠋ᠠᠲᠤ ᠤᠷᠤᠯᠳᠤᠭ᠋ᠠᠨ᠎ᠤ ᠬᠤᠪᠢᠶᠠᠷᠢ ᠲᠣᠭᠤᠷᠢᠭ᠎ᠤᠨ ᠤᠷᠤᠯᠳᠤᠭ᠋ᠠᠨ᠎ᠳᠤ ᠳᠡᠪᠰᠢᠵᠦ᠂ ᠪᠥᠬᠦ ᠤᠯᠤᠰ᠎ᠤᠨ ᠪᠤᠰᠤᠳ ᠤᠷᠤᠯᠳᠤᠭ᠋ᠠᠨ᠎ᠤ ᠲᠣᠭᠤᠷᠢᠭ᠎ᠤᠨ ᠰᠢᠯᠢᠳᠡᠭ ᠠᠩᠭᠢ᠎ᠲᠠᠢ ᠨᠠᠩ ᠥᠨᠳᠥᠷ ᠬᠢᠷᠢ ᠲᠦᠪᠰᠢᠨ ᠪᠥᠬᠦᠶ ᠤᠷᠤᠯᠳᠤᠭ᠋ᠠᠨ᠎ᠤ ᠰᠣᠯᠢᠯᠴᠠᠭ᠎ᠠ ᠵᠢ ᠥᠷᠨᠢᠭᠦᠯᠬᠦ ᠪᠣᠯᠤᠨ᠎ᠠ᠃

ᠡᠨᠡ ᠤᠳᠠᠭ᠋ᠠᠨ᠎ᠤ ᠤᠷᠤᠯᠳᠤᠭ᠋ᠠᠨ ᠪᠥᠬᠦ ᠣᠷᠣᠨ᠎ᠤ 21 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 400 ᠰᠢᠬᠠᠮ ᠲᠠᠮᠢᠷᠴᠢᠳ ᠣᠷᠣᠯᠴᠠᠵᠠᠶ᠃ ᠤᠷᠤᠯᠳᠤᠭ᠋ᠠᠨ᠎ᠤ ᠬᠤᠭᠤᠴᠠᠭ᠋ᠠᠨ᠎ᠳᠤ᠂ ᠡᠯ᠎ᠡ ᠤᠷᠤᠯᠳᠤᠭ᠋ᠠᠨ᠎ᠳᠤ ᠣᠷᠣᠯᠴᠠᠬᠤ ᠠᠩᠭᠢ ᠵᠢᠨ᠎ᠬᠢᠨ ᠨᠤᠭᠤᠷᠠᠰᠢ ᠦᠭᠡᠢ ᠲᠡᠮᠡᠴᠡᠬᠦ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠤᠷᠤᠯᠳᠤᠭ᠋ᠠᠨ᠎ᠤ ᠲᠠᠯᠠᠪᠤᠷ᠎ᠲᠤ ᠰᠠᠭᠰᠤᠨ ᠪᠥᠮᠪᠦᠭᠡ ᠵᠢᠨ ᠤᠷ᠎ᠠ ᠮᠡᠷᠭᠡᠵᠢᠯ᠎ᠨᠢ ᠰᠡᠳᠬᠢᠯ ᠪᠦᠯᠬᠦᠮ ᠨᠡᠶ᠋ᠢᠲᠡ ᠨᠢᠭᠲᠠ ᠬᠠᠮᠵᠢᠯᠴᠠᠬᠤ ᠵᠢ ᠬᠠᠷᠠᠭᠤᠯᠵᠠᠢ᠃ ᠲᠠᠮᠢᠷᠴᠢᠳ ᠲᠦᠷᠭᠡᠨ ᠲᠠᠭ᠋ᠠᠷᠢᠯᠳᠠ ᠬᠢᠵᠦ ᠰᠡᠷᠭᠡᠶ᠋ᠢᠯᠡᠬᠦ ᠪᠠ ᠨᠢᠭᠲᠠ ᠴᠢᠩᠭ᠎ᠠ ᠪᠠᠷ ᠲᠠᠯᠠᠪᠠᠢ ᠵᠢᠨ ᠦᠵᠡᠭᠴᠢᠳ᠎ᠲᠤ 86 ᠲᠠᠯᠠᠪᠤᠷ ᠭᠤᠶ᠋ᠢᠳᠠ ᠰᠠᠶ᠋ᠢᠬᠠᠨ ᠂ ᠮᠠᠨ᠎ᠤ ᠵᠡᠷᠭᠡ ᠵᠢᠨ ᠠᠵᠢᠯ ᠮᠡᠷᠭᠡᠵᠢᠯ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ᠎ᠤᠨ ᠢᠳᠡᠪᠬᠢᠲᠡᠢ ᠵᠠᠯᠠᠭᠤ ᠨᠠᠰᠤᠨ᠎ᠤ ᠪᠣᠯᠤᠨ ᠪᠦᠯᠬᠦᠮᠳᠡᠨ ᠲᠡᠮᠡᠴᠡᠬᠦ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠃






ᠤᠳᠠᠭ᠋ᠠᠨ᠎ᠤ ᠭᠤᠷᠪᠠᠳᠤᠭ᠋ᠠᠷ ᠳᠡᠰ᠎ᠤᠨ ᠬᠤᠯᠪᠣᠭ᠋ᠠᠲᠤ ᠤᠷᠤᠯᠳᠤᠭ᠋ᠠᠨ(ᠥᠪᠥᠷ ᠮᠣᠩᠭᠤᠯ᠎ᠤᠨ ᠤᠷᠤᠯᠳᠤᠭ᠋ᠠᠨ᠎ᠤ ᠲᠣᠭᠤᠷᠢᠭ) ᠵᠢ ᠂ ᠮᠠᠨ᠎ᠤ ᠣᠷᠣᠨ᠎ᠤ ᠤᠶᠤᠲᠠᠳ᠎ᠤᠨ ᠰᠠᠭᠰᠤᠨ ᠪᠥᠮᠪᠦᠭᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ(ᠵᠢᠩᠬᠢᠨᠢ ᠠᠩᠭᠢ ᠵᠢᠨ ᠳᠤᠭᠤᠶ᠋ᠢᠯᠠᠩ)ᠵᠢᠴᠢ 28 ᠳ᠋ᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠶᠡᠭᠡ ᠰᠤᠷᠭ᠋ᠠᠭᠤᠯᠢ ᠵᠢᠨ ᠰᠤᠷᠤᠭᠴᠢᠳ᠎ᠤᠨ ᠰᠠᠭᠰᠤᠨ ᠪᠥᠮᠪᠦᠭᠡ ᠵᠢᠨ ᠨᠢᠭᠡᠳᠦᠭᠡᠷ᠂ ᠬᠤᠶᠠᠳᠤᠭ᠋ᠠᠷ ᠳᠡᠰ᠎ᠤᠨ ᠬᠤᠯᠪᠣᠭ᠋ᠠᠲᠤ ᠤᠷᠤᠯᠳᠤᠭ᠋ᠠᠨ ᠤᠳᠠᠯ ᠦᠭᠡᠢ ᠡᠬᠢᠯᠡᠬᠦ ᠰᠤᠷᠭ᠋ᠠᠭᠤᠯᠢ ᠵᠢᠨ ᠰᠤᠷᠤᠭᠴᠢᠳ᠎ᠲᠤ ᠦᠷᠭᠦᠯᠵᠢᠯᠡᠨ ᠤᠷᠤᠯᠳᠤᠭ᠋ᠠᠨ ᠲᠣᠬᠢᠶᠠᠯ ᠬᠠᠩᠭ᠋ᠠᠵᠤ᠂ ᠰᠤᠷᠭ᠋ᠠᠭᠤᠯᠢ ᠵᠢᠨ ᠬᠦᠷᠢᠶᠡᠨ᠎ᠤ ᠰᠠᠭᠰᠤᠨ ᠪᠥᠮᠪᠦᠭᠡ ᠵᠢᠨ ᠥᠷᠭᠡᠨ ᠵᠶ᠋ᠠᠷ ᠲᠦᠭᠡᠮᠡᠯᠵᠢᠭᠦᠯᠬᠦ ᠪᠠ ᠬᠥᠭᠵᠢᠭᠦᠯᠬᠦ ᠵᠢ ᠃
ᠤᠳᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠬᠡᠷᠡᠭᠵᠢᠭᠦᠯᠦᠨ᠂ ᠰᠢᠯᠢ ᠵᠢᠨ ᠭᠤᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠪᠡ᠃